ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠤᠷᠠᠳ᠎ᠤᠨ ᠡᠮᠦᠨᠡᠲᠦ ᠬᠣᠰᠢᠭᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠢᠮᠡᠭᠡ ᠮᠡᠳᠡᠭᠡ ᠵᠢᠯᠤᠭᠤᠳᠬᠤ ᠲᠥᠪ᠎ᠤᠨ ᠪᠦᠬᠦ ᠲᠠᠯ᠎ᠠ ᠵᠢᠨ ᠦᠢ᠍ᠯᠡᠴᠢᠯᠡᠭᠡ᠎ᠨᠢ ᠠᠰᠤᠷᠤ ᠠᠮᠵᠢᠯᠲᠠ ᠣᠯᠪᠠ
ᠨᠡᠶ᠋ᠢᠲᠡᠯᠡᠭᠰᠡᠨ ᠴᠠᠭ᠄ 2023-07-20

      ᠣᠶ᠋ᠢᠷ᠎ᠠ ᠵᠢᠨ ᠵᠢᠯ᠎ᠠᠴᠠ ᠨᠠᠭ᠋ᠠᠰᠢ᠂ ᠤᠷᠠᠳ᠎ᠤᠨ ᠡᠮᠦᠨᠡᠲᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠣᠳᠠᠲᠤ ᠳᠠᠶ᠋ᠢᠨ᠎ᠤ ᠥᠶ᠎ᠡ ᠵᠢᠨ ᠴᠢᠮᠡᠭᠡ ᠮᠡᠳᠡᠭᠡ ᠵᠢᠯᠤᠭᠤᠳᠬᠤ ᠲᠥᠪ᠎ᠢ ᠪᠤᠶ ᠪᠣᠯᠭ᠋ᠠᠬᠤ᠎ᠪᠠᠷ ᠭᠤᠣᠯᠳᠠᠯᠭ᠎ᠠ ᠪᠣᠯᠭ᠋ᠠᠵᠤ᠂ ᠥᠭᠡᠷᠡᠴᠢᠯᠡᠯᠲᠡ᠎ᠪᠠᠷ ᠬᠥᠲᠥᠯᠥᠨ ᠳᠠᠭ᠋ᠠᠭᠤᠯᠬᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠪᠠ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠳᠤᠲᠠᠭᠤᠳᠠᠯ ᠵᠶ᠋ᠠᠨ ᠨᠥᠬᠦᠪᠥᠷᠢᠯᠡᠵᠦ᠂ ᠳᠡᠰ ᠳᠠᠪᠬᠤᠷᠭ᠎ᠠ ᠵᠢᠨ ᠪᠠᠬᠢᠯᠡᠯᠲᠡ ᠪᠠ ᠮᠡᠳᠡᠭᠡ ᠵᠠᠩᠭᠢ ᠵᠢᠨ ᠪᠠᠬᠢᠯᠡᠯᠲᠡ ᠵᠢ ᠡᠪᠳᠡᠪᠡ᠃ ᠰᠢᠢ᠍ᠳᠪᠦᠷᠢᠲᠦ ᠪᠤᠳᠤᠯᠭ᠎ᠠ᠎ᠪᠠᠷ ᠵᠢᠯᠣᠭᠤᠳᠬᠤ᠂ ᠴᠠᠭᠳᠠᠭ᠋ᠠᠨ᠎ᠤ ᠪᠠᠶ᠋ᠢᠳᠠᠯ᠎ᠢ ᠲᠣᠬᠢᠷᠠᠭᠤᠯᠬᠤ᠂ ᠬᠠᠮᠲᠤᠷᠠᠨ ᠪᠠᠶ᠋ᠢᠯᠳᠤᠬᠤ᠂ ᠴᠠᠭᠳᠠᠭ᠎ᠠ ᠪᠠ ᠠᠷᠠᠳ ᠬᠤᠯᠪᠣᠭ᠋ᠠᠯᠠᠨ ᠬᠥᠳᠡᠯᠦᠯᠴᠡᠬᠦ᠂ ᠬᠠᠤᠯᠢ ᠬᠡᠷᠡᠭᠵᠢᠭᠦᠯᠬᠦ ᠵᠢ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ᠎ᠪᠠᠷ ᠲᠤᠰᠠᠯᠠᠬᠤ᠂ ᠰᠡᠷᠭᠡᠶ᠋ᠢᠯᠡᠨ ᠤᠬᠠᠭᠤᠯᠬᠤ᠂ ᠠᠷᠠᠳ ᠲᠦᠮᠡᠨ᠎ᠳᠤ ᠦᠢ᠍ᠯᠡᠴᠢᠯᠡᠬᠦ ᠵᠢ ᠨᠢᠭᠡ ᠴᠤᠭᠴᠠᠵᠢᠭᠤᠯᠤᠭᠰᠠᠨ ᠴᠢᠮᠡᠭᠡ ᠮᠡᠳᠡᠭᠡ ᠵᠢᠯᠤᠭᠤᠳᠬᠤ ᠲᠥᠪ᠎ᠤᠨ ᠭᠤᠣᠯ ᠰᠢᠰᠲ᠋ᠧᠮ᠎ᠢ ᠠᠯᠬᠤᠮ ᠠᠯᠬᠤᠮ ᠵᠶ᠋ᠠᠷ ᠪᠦᠷᠢᠯᠳᠦᠭᠦᠯᠪᠡ᠃ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠂ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠪᠠᠲᠤᠯᠠᠬᠤ᠂ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠵᠢᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠡᠷᠭᠡ ᠲᠠᠯ᠎ᠠ᠎ᠪᠠᠷ ᠶᠡᠭᠡ ᠬᠡᠮᠵᠢᠶᠡᠨ᠎ᠤ ᠠᠵᠢᠯ ᠬᠢᠭᠰᠡᠨ ᠪᠥᠭᠡᠳ ᠢᠯᠡᠳᠲᠡ ᠦᠷ᠎ᠡ ᠪᠦᠲᠦᠮᠵᠢ ᠤᠯᠪᠠ᠃

20230208110439.jpg


     ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠢᠮᠡᠭᠡ ᠮᠡᠳᠡᠭᠡ ᠵᠢᠯᠤᠭᠤᠳᠬᠤ ᠲᠥᠪ᠎ᠤᠨ ᠨᠠᠮ᠎ᠤᠨ ᠡᠭᠦᠷ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠨᠠᠮ᠎ᠤᠨ ᠡᠭᠦᠷ ᠵᠶ᠋ᠡᠷ ᠦᠨᠡᠯᠡᠭᠳᠡᠵᠦ᠂ ᠴᠢᠮᠡᠭᠡ ᠮᠡᠳᠡᠭᠡ ᠵᠢᠯᠤᠭᠤᠳᠬᠤ ᠲᠥᠪ᠎ᠨᠢ ᠤᠷᠢᠳ ᠬᠤᠵᠢᠳ ᠪᠥᠬᠦ ᠬᠤᠲᠠ ᠵᠢᠨ ᠠᠮᠤᠷ ᠲᠦᠪᠰᠢᠨ᠎ᠤ ᠪᠠᠶ᠋ᠢᠭᠤᠯᠤᠯᠲᠠ ᠵᠢᠨ ᠢᠨᠵᠧᠨᠧᠷᠢᠩ᠎ᠤᠨ ᠲᠡᠷᠢᠭᠦᠨ᠎ᠤ ᠬᠠᠮᠲᠤ᠂ ᠪᠥᠬᠦ ᠬᠤᠲᠠ ᠵᠢᠨ 《ᠴᠠᠭᠳᠠᠭᠤᠯ᠎ᠤᠨ ᠪᠠᠢ᠌ᠳᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠠᠷᠪᠠᠨ ᠰᠢᠯᠢᠳᠡᠭ》 ᠦᠨᠳᠦᠰᠦᠨ ᠱᠠᠲᠤᠨ᠎ᠤ ᠰᠢᠯᠢᠳᠡᠭ ᠭᠠᠵᠠᠷ᠎ᠤᠨ ᠡᠩᠨᠡᠭᠡ᠎ᠪᠠᠷ ᠴᠤᠯᠠᠯᠠᠭᠳᠠᠵᠤ᠂ ᠬᠠᠮᠲᠤ ᠵᠢᠨ ᠭᠤᠷᠪᠠᠳᠤᠭ᠋ᠠᠷ ᠳᠡᠰ᠎ᠤᠨ ᠭᠠᠪᠢᠶ᠎ᠠ ᠵᠢ ᠣᠯᠠᠨᠲᠠ ᠳᠡᠮᠳᠡᠭᠯᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠲᠣᠪᠤᠶ᠋ᠢᠮ᠎ᠠ ᠠᠮᠵᠢᠯᠲᠠ ᠣᠯᠤᠭᠰᠠᠨ ᠨᠢᠭᠡᠴᠢ ᠵᠡᠷᠭᠡ ᠢᠷᠠᠭᠤ ᠠᠯᠳᠠᠷ᠎ᠤᠨ ᠴᠣᠯᠠ ᠵᠢ ᠲᠠᠪᠤᠨ ᠵᠢᠯ ᠳᠠᠷᠠᠭ᠋ᠠᠯᠠᠨ ᠭᠥᠷᠳᠡᠵᠦ᠂ ᠬᠤᠲᠠ ᠵᠢᠨ ᠲᠣᠪᠴᠢᠶ᠎ᠠ᠂ ᠬᠤᠰᠢᠭᠤᠨ᠎ᠤ ᠲᠣᠪᠴᠢᠶ᠎ᠠ ᠵᠢᠨ ᠬᠢᠨᠠᠨ ᠰᠢᠯᠭ᠋ᠠᠯᠲᠠ ᠵᠢᠨ ᠡᠮᠦᠨ᠎ᠡ ᠡᠩᠨᠡᠭᠡᠨ᠎ᠳᠤ ᠵᠢᠭᠰᠠᠭ᠋ᠠᠭᠳᠠᠵᠠᠶ᠃

 

ᠢᠷᠡᠯᠲᠡ᠄ ᠪᠠᠶᠠᠨᠨᠠᠭᠤᠷ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ