ᠬᠦᠬᠡᠬᠤᠲᠠ ᠵᠢᠨ ᠢᠦᠢ ᠴᠢᠤᠸᠠᠨ ᠲᠤᠭᠤᠷᠢᠭ᠎ᠤᠨ ᠲᠣᠳᠤᠭ᠋ᠠᠳᠤ ᠵᠢ ᠬᠠᠮᠠᠭ᠋ᠠᠯᠠᠬᠤ ᠬᠤᠪᠢᠶᠠᠷᠢ ᠲᠤᠪᠴᠢᠶ᠎ᠠ ᠵᠢᠨ ᠶᠡᠬᠡ ᠡᠮᠦᠨ᠎ᠡ ᠵᠡᠭᠡᠯᠢ ᠲᠣᠮᠢᠯᠠᠭᠰᠠᠨ ᠰᠠᠯᠪᠤᠷᠢ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠰᠡᠳᠬᠢᠯ ᠲᠠᠯᠪᠢᠨ ᠤᠯᠠᠨ ᠲᠦᠮᠡᠨ᠎ᠳᠤ ᠪᠣᠳᠠᠲᠠᠢ ᠶᠠᠪᠤᠳᠠᠯ ᠪᠠ ᠰᠠᠶ᠋ᠢᠨ ᠶᠠᠪᠤᠳᠠᠯ ᠬᠢᠵᠦ᠂ ᠬᠦᠴᠢᠷ ᠶᠠᠪᠤᠳᠠᠯ᠎ᠢ ᠰᠢᠢ᠍ᠳᠪᠦᠷᠢᠯᠡᠨ᠂ ᠬᠠᠷᠢᠶ᠎ᠠ ᠣᠷᠣᠨ᠎ᠤ ᠤᠯᠠᠨ ᠲᠦᠮᠡᠨ᠎ᠤ ᠲᠠᠢ᠌ᠪᠤᠩᠲᠤ ᠲᠦᠷᠦᠭᠳᠡᠯ ᠪᠣᠯᠤᠨ ᠵᠣᠯ ᠵᠢᠷᠭ᠋ᠠᠯᠲᠤ ᠲᠦᠷᠦᠭᠳᠡᠯ᠎ᠢ ᠦᠨᠡᠨ ᠬᠦ᠌ ᠳᠡᠭᠡᠭᠰᠢᠯᠡᠭᠦᠯᠪᠡ᠃
8 ᠳ᠋ᠤᠭ᠋ᠠᠷ ᠰᠠᠷ᠎ᠠ ᠵᠢᠨ 25᠎ᠤ ᠦᠳᠡ ᠵᠢᠨ ᠬᠤᠶ᠋ᠢᠨ᠎ᠠ᠂ ᠶᠡᠬᠡ ᠡᠮᠦᠨ᠎ᠡ ᠵᠡᠭᠡᠯᠢ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠬᠠᠷᠢᠶᠠᠲᠤ ᠣᠷᠣᠨ ᠵᠶ᠋ᠠᠷ ᠲᠣᠭᠤᠷᠢᠨ ᠴᠠᠭᠳᠠᠬᠤᠳᠤᠪᠠᠨ᠂ ᠨᠢᠭᠡᠨ ᠨᠠᠰᠤᠲᠠᠨ ᠡᠵᠢ ᠵᠡᠭᠡᠯᠢ ᠭᠤᠳᠤᠮᠵᠢ᠎ᠪᠠᠷ ᠨᠠᠭ᠋ᠠᠰᠢ ᠴᠠᠭ᠋ᠠᠰᠢ ᠠᠯᠬᠤᠯᠠᠵᠤ ᠪᠠᠢ᠌ᠭ᠎ᠠ ᠵᠢ ᠣᠯᠵᠤ ᠬᠠᠷᠠᠭ᠋ᠠᠳ ᠲᠡᠷᠭᠡ᠎ᠪᠠᠨ ᠵᠣᠭᠰᠤᠭ᠋ᠠᠭ᠋ᠠᠳ ᠬᠠᠵᠠᠭᠤ᠎ᠳᠤᠨᠢ ᠬᠦᠷᠴᠦ ᠪᠠᠢ᠌ᠳᠠᠯ᠎ᠢ ᠣᠢ᠌ᠯᠠᠭ᠋ᠠᠬᠤ᠎ᠳᠤ᠂ ᠭᠡᠷ᠎ᠲᠤ᠎ᠪᠠᠨ ᠬᠠᠷᠢᠬᠤ ᠵᠠᠮ ᠵᠶ᠋ᠠᠨ ᠡᠷᠢᠵᠦ ᠣᠯᠬᠤ ᠦᠭᠡᠢ ᠣᠶ᠋ᠢᠷ᠎ᠠ ᠬᠠᠪᠢ᠎ᠪᠠᠷ ᠡᠷᠭᠢᠴᠡᠵᠦ ᠪᠠᠢ᠌ᠬᠤ ᠵᠢ ᠮᠡᠳᠡᠪᠡ᠃ ᠠᠷᠠᠳ᠎ᠤᠨ ᠴᠠᠭᠳᠠᠭ᠎ᠠ ᠨᠠᠰᠤᠲᠠᠨ ᠡᠵᠢ ᠵᠢᠨ ᠲᠠᠮᠢᠷ ᠬᠦᠴᠦ ᠪᠠᠷᠤᠭᠲᠠᠢ ᠪᠠᠢ᠌ᠬᠤ ᠵᠢ ᠣᠯᠵᠤ ᠬᠠᠷᠠᠭ᠋ᠠᠳ᠂ ᠤᠷᠢᠳ ᠵᠶ᠋ᠠᠷ ᠰᠠᠯᠪᠤᠷᠢ᠎ᠳᠤ᠎ᠪᠠᠨ ᠠᠪᠠᠴᠢᠵᠤ ᠤᠰᠤ ᠣᠤᠭᠤᠯᠭ᠋ᠠᠵᠤ ᠰᠡᠳᠭᠢᠯ ᠰᠠᠨᠠᠭ᠎ᠠ ᠵᠢ᠎ᠨᠢ ᠠᠮᠤᠷᠵᠢᠭᠤᠯᠬᠤ ᠵᠢᠨ ᠬᠠᠮᠲᠤ ᠭᠡᠷ᠎ᠤᠨ ᠬᠥᠮᠦᠰ᠎ᠲᠠᠢ᠎ᠨᠢ ᠬᠤᠯᠪᠣᠭ᠎ᠠ ᠠᠪᠴᠤ ᠥᠭᠪᠡ᠃ ᠨᠠᠰᠤᠲᠠᠨ᠎ᠤ ᠬᠦᠦ ᠶᠠᠩ ᠠᠪᠤᠭ᠋ᠠᠶ ᠮᠡᠳᠡᠭᠡ ᠣᠯᠣᠭᠰᠠᠨ᠎ᠤ ᠳᠠᠷᠠᠭ᠎ᠠ ᠲᠣᠮᠢᠯᠠᠭᠰᠠᠨ ᠰᠠᠯᠪᠤᠷᠢ᠎ᠳᠤ ᠬᠦᠷᠴᠦ ᠢᠷᠡᠭᠡᠳ ᠡᠵᠢ᠎ᠪᠠᠨ ᠲᠣᠰᠪᠠ᠃