ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠰᠢᠶᠠᠩᠶᠠᠩ ᠲᠣᠮᠢᠯᠠᠭᠰᠠᠨ ᠰᠠᠯᠪᠤᠷᠢ 《ᠹᠸᠩᠴᠢᠶᠤᠤ ᠮᠠᠶᠢᠭ》᠎ᠤᠨ ᠦᠢ᠍ᠯᠡᠴᠢᠯᠡᠭᠡ᠎ᠪᠠᠷ ᠵᠶ᠋ᠠᠨ ᠠᠷᠠᠳ᠎ᠤᠨ ᠰᠡᠳᠬᠢᠯ᠎ᠢ ᠣᠯᠪᠠ
ᠨᠡᠶ᠋ᠢᠲᠡᠯᠡᠭᠰᠡᠨ ᠴᠠᠭ᠄ 2023-09-21

      ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠦᠩᠱ᠌ᠠᠨ ᠲᠣᠭᠣᠷᠢᠭ᠎ᠤᠨ ᠬᠤᠪᠢᠶᠠᠷᠢ ᠲᠣᠪᠴᠢᠶ᠎ᠠ ᠵᠢᠨ ᠰᠢᠶᠠᠩᠶᠠᠩ ᠲᠣᠮᠢᠯᠠᠭᠰᠠᠨ ᠰᠠᠯᠪᠤᠷᠢ 2004 ᠣᠨ᠎ᠳᠤ ᠪᠠᠶ᠋ᠢᠭᠤᠯᠤᠭᠳᠠᠵᠤ᠂ ᠬᠠᠷᠢᠶᠠᠲᠤ ᠣᠷᠣᠨ᠎ᠤ ᠲᠠᠯᠠᠪᠠᠢ᠎ᠨᠢ 3.5 ᠲᠡᠭᠰᠢ ᠳᠥᠷᠪᠡᠯᠵᠢᠨ ᠺᠢᠯᠣᠮᠧᠲᠷ᠂ 39518 ᠬᠥᠮᠦᠨ ᠪᠠ 1255 ᠬᠤᠳᠠᠯᠳᠤᠭ᠎ᠠ ᠠᠵᠤ ᠠᠬᠤᠶ᠋ᠢᠯᠠᠯ ᠲᠣᠤᠷ ᠴᠡᠭ᠎ᠲᠠᠢ᠃ ᠣᠯᠠᠨ ᠵᠢᠯ᠎ᠤᠨ ᠲᠤᠷᠰᠢ᠂ ᠰᠢᠶᠠᠩᠶᠠᠩ ᠲᠣᠮᠢᠯᠠᠭᠰᠠᠨ ᠰᠠᠯᠪᠤᠷᠢ ᠶᠡᠷᠦᠩᠬᠡᠶ ᠱᠦᠵᠢ ᠰᠢ ᠵᠢᠨ ᠫᠢᠩ ᠎ᠤᠨ  ᠬᠠᠤᠯᠢ ᠎ᠪᠠᠷ   ᠵᠠᠰᠠᠬᠤ  ᠦᠵᠡᠯ  ᠰᠠᠨᠠᠭ᠎ᠠ   ᠪᠠ 《ᠠᠷᠪᠠᠨ ᠵᠢᠷᠭᠤᠭ᠋ᠠᠨ ᠦᠰᠦᠭ》᠎ᠤᠨ ᠶᠡᠷᠦᠩᠬᠡᠶ ᠱᠠᠭ᠋ᠠᠷᠳᠠᠯᠭ᠎ᠠ ᠵᠢ ᠢᠳᠡᠪᠬᠢᠲᠡᠶ ᠲᠤᠭᠤᠰᠢᠯᠠᠭᠤᠯᠵᠤ᠂ 《ᠠᠯᠢᠪᠠ ᠪᠦᠬᠦᠨ᠎ᠳᠤ ᠠᠷᠠᠳ ᠲᠦᠮᠡᠨ᠎ᠤ ᠲᠥᠯᠥᠭᠡ ᠪᠠᠶ᠋ᠢᠬᠤ》 ᠵᠢ ᠦᠨᠳᠦᠰᠦᠨ ᠵᠢᠷᠤᠮᠯᠠᠯ ᠪᠣᠯᠭ᠋ᠠᠵ᠊᠂ ᠨᠡᠶ᠋ᠢᠭᠡᠮ᠎ᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ᠎ᠪᠠᠷ ᠭᠠᠷᠤᠭ᠎ᠠ ᠪᠣᠯᠭ᠋ᠠᠵᠤ᠂ ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠢᠮᠠᠭᠲᠠ 《ᠠᠷᠠᠳ᠎ᠲᠤ ᠬᠦᠰᠡᠯ ᠱᠠᠭ᠋ᠠᠷᠳᠠᠯᠭ᠎ᠠ᠎ᠳᠤ ᠵᠠᠪᠠᠯ ᠬᠠᠷᠢᠭᠤ ᠳᠤᠰᠬᠠᠯ ᠥᠭᠬᠦ》᠎ᠪᠠᠷ ᠪᠠᠷᠢᠮᠵᠢᠶ᠎ᠠ ᠪᠣᠯᠭ᠋ᠠᠵᠤ᠂ ᠦᠨᠳᠦᠷ ᠪᠠᠷᠢᠮᠵᠢᠶᠠᠲᠤ ᠠᠷᠠᠳ᠎ᠲᠤ ᠳᠦᠭᠦᠮ ᠦᠵᠡᠭᠦᠯᠬᠦ ᠦᠢ᠍ᠯᠡᠴᠢᠯᠡᠭᠡ᠂ ᠥᠨᠳᠥᠷ ᠶᠠᠰᠤ ᠴᠢᠨᠠᠷ᠎ᠲᠠᠢ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠦᠢ᠍ᠯᠡᠴᠢᠯᠡᠭᠡᠨ᠎ᠢ ᠬᠦᠴᠦᠯᠡᠨ ᠪᠠᠶ᠋ᠢᠭᠤᠯᠬᠤ ᠬᠡᠷᠡᠭᠲᠡᠢ᠃ ᠰᠢᠶᠠᠩᠶᠠᠩ ᠨᠡᠶ᠋ᠢᠭᠡᠮ ᠲᠣᠭᠣᠷᠢᠭ᠎ᠤᠨ ᠤᠯᠠᠨ ᠲᠦᠮᠡᠨ ᠠᠷᠠᠳ᠎ᠤᠨ ᠴᠠᠭᠳᠠᠭ᠎ᠠ ᠵᠢ 《ᠰᠠᠬᠢᠨ ᠬᠠᠮᠠᠭ᠋ᠠᠯᠠᠭᠴᠢ》᠂ ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠢ 《ᠠᠮᠤᠷ   ᠲᠦᠪᠰᠢᠨ ᠎ᠤ  ᠠᠵᠢᠯ ᠎ᠤᠨ   ᠪᠠᠶ᠋ᠢᠷᠢ》᠂ ᠲᠣᠮᠢᠯᠠᠭᠰᠠᠨ  ᠰᠠᠯᠪᠤᠷᠢ ᠵᠢ 《ᠲᠦᠰᠢᠭ   ᠲᠤᠯᠭ᠋ᠠᠭᠤᠷᠢ》  ᠬᠡᠮᠡᠨ ᠨᠡᠷᠡᠢ᠌ᠳᠴᠦ᠂ 《ᠤᠴᠢᠷ᠎ᠲᠠᠢ ᠪᠣᠯ ᠴᠠᠭᠳᠠᠭ᠎ᠠ ᠵᠢ ᠡᠷᠢᠬᠦ》᠎ᠨᠢ ᠨᠢᠭᠡᠨᠲᠡ ᠬᠡᠪ᠎ᠤᠨ ᠪᠠᠶ᠋ᠢᠳᠠᠯ ᠪᠣᠯᠵᠤ᠂ ᠪᠦᠬᠦ  ᠰᠠᠯᠪᠤᠷᠢ ᠵᠢᠨ ᠠᠷᠠᠳ᠎ᠤᠨ ᠴᠠᠭᠳᠠᠭ᠎ᠠ ᠨᠠᠷ ᠬᠠᠯᠠᠭᠤᠨ ᠦᠢ᠍ᠯᠡᠴᠢᠯᠡᠭᠡ᠎ᠪᠠᠷ ᠵᠶ᠋ᠡᠨ ᠠᠷᠠᠳ ᠲᠦᠮᠡᠨ᠎ᠲᠠᠢ 《ᠡᠯᠢᠭᠡ ᠨᠢᠭᠡᠳᠴᠦ》᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠨ ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠪᠡ᠃ ᠬᠡᠳᠦᠨ ᠵᠢᠯ᠎ᠤᠨ ᠲᠤᠷᠰᠢ ᠰᠢᠶᠠᠩᠶᠠᠩ ᠲᠣᠮᠢᠯᠠᠭᠰᠠᠨ ᠰᠠᠯᠪᠤᠷᠢ ᠲᠥᠪ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠲᠥᠪ ᠬᠣᠷᠢᠶᠠᠨ᠎ᠤ ᠤᠬᠠᠭᠤᠯᠬᠤ ᠬᠡᠯᠲᠡᠰ᠎ᠠᠴᠠ ᠤᠷᠢᠳ ᠬᠣᠵᠢᠳ 《ᠠᠷᠠᠳ ᠲᠦᠮᠡᠨ᠎ᠤ ᠰᠡᠳᠬᠢᠯ ᠬᠠᠨᠤᠮᠵᠢᠲᠠᠶ ᠠᠯᠪᠠᠲᠠᠨ᠎ᠤ ᠬᠠᠮᠲᠤ》 ᠵᠢᠨ ᠴᠤᠯᠠ ᠣᠯᠭᠣᠵᠤ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ 《ᠪᠦᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠰᠢᠯᠢᠳᠡᠭ ᠦᠨᠳᠦᠰᠦᠨ ᠱᠠᠲᠤᠨ᠎ᠤ ᠨᠢᠭᠡᠴᠢ》 ᠵᠢᠨ ᠴᠤᠯᠠ ᠣᠯᠭᠣᠵᠤ᠂ 《ᠬᠠᠮᠲᠤ ᠵᠢᠨ ᠨᠢᠭᠡᠳᠦᠭᠡᠷ ᠳᠡᠰ᠎ᠤᠨ ᠭᠠᠪᠢᠶ᠎ᠠ》 ᠵᠢ ᠲᠡᠮᠳᠡᠭᠯᠡᠵᠡᠶ; 2021 ᠣᠨ᠎ᠳᠤ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠳᠤ 《ᠹᠸᠩᠴᠢᠶᠤᠤ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ》᠎ᠪᠠᠷ ᠦᠨᠡᠯᠡᠭᠳᠡᠵᠡᠢ; 2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠳᠤ 《ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠠᠤᠯᠢ ᠬᠡᠷᠡᠭᠵᠢᠭᠦᠯᠬᠦ ᠵᠢᠱ᠌ᠢᠶ᠎ᠡ ᠦᠵᠡᠭᠦᠯᠬᠦ  ᠨᠢᠭᠡᠴᠢ》᠎ᠪᠠᠷ ᠦᠨᠡᠯᠡᠭᠳᠡᠪᠡ᠃

D98A4131.JPG


DSC_5299.JPG


       ᠳᠠᠷᠠᠭ᠋ᠠᠴᠢ ᠵᠢᠨ ᠠᠯᠬᠤᠮ᠎ᠳᠤ᠂ ᠰᠢᠶᠠᠩᠶᠠᠩ ᠲᠣᠮᠢᠯᠠᠭᠰᠠᠨ ᠰᠠᠯᠪᠤᠷᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ 《ᠹᠸᠩᠴᠢᠶᠤᠤ ᠵᠢᠨ ᠲᠤᠷᠰᠢᠯᠭ᠎ᠠ》 ᠵᠢ ᠪᠠᠳᠠᠷᠠᠭᠤᠯᠤᠨ ᠳᠡᠯᠭᠡᠷᠡᠭᠦᠯᠵᠦ᠂ ᠵᠢᠷᠤᠮᠵᠢᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ᠎ᠪᠠᠷ ᠠᠷᠠᠳ᠎ᠤᠨ ᠢᠲᠡᠭᠡᠯ᠎ᠢ ᠣᠯᠵᠤ᠂ ᠲᠤᠰ ᠭᠠᠵᠠᠷ᠎ᠤᠨ ᠠᠮᠤᠷ ᠲᠦᠪᠰᠢᠨ᠎ᠢ ᠰᠠᠬᠢᠨ ᠬᠠᠮᠠᠭ᠋ᠠᠯᠠᠬᠤ᠂ ᠲᠤᠰ ᠭᠠᠵᠠᠷ᠎ᠤᠨ ᠠᠷᠠᠳ ᠲᠦᠮᠡᠨ᠎ᠳᠤ ᠦᠢ᠍ᠯᠡᠴᠢᠯᠡᠬᠦ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠨ᠎ᠡ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ