ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠲᠠᠢ᠌ᠹᠦᠰᠸ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠨᠠᠮᠤᠷ᠎ᠤᠨ ᠬᠤᠷᠢᠶᠠᠯᠲᠠ ᠵᠢᠨ ᠲᠠᠷᠢᠶᠠᠴᠢᠳ᠎ᠢ ᠬᠠᠪᠰᠤᠷᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠪᠡ
ᠨᠡᠶ᠋ᠢᠲᠡᠯᠡᠭᠰᠡᠨ ᠴᠠᠭ᠄ 2023-09-26

     ᠣᠶ᠋ᠢᠷ᠎ᠠ᠎ᠳᠤ᠂ ᠨᠠᠮᠤᠷ᠎ᠤᠨ ᠬᠤᠷᠢᠶᠠᠯᠲᠠ ᠵᠢ ᠪᠠᠲᠤᠯᠠᠬᠤ ᠡᠯ᠎ᠡ ᠲᠥᠷᠥᠯ᠎ᠤᠨ ᠠᠵᠢᠯ᠎ᠢ ᠦᠨᠡᠨ ᠬᠦ᠌ ᠰᠠᠶ᠋ᠢᠲᠤᠷ ᠬᠢᠬᠦ ᠵᠢᠨ ᠲᠥᠯᠥᠭᠡ᠂ ᠲᠠᠢ᠌ᠹᠦᠰᠸ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠋ᠠᠨ᠎ᠤ ᠬᠦᠴᠦᠨ᠎ᠢ ᠵᠣᠬᠢᠶᠠᠨ ᠪᠠᠶ᠋ᠢᠭᠤᠯᠤᠨ ᠲᠠᠷᠢᠶᠠᠨ ᠭᠠᠵᠠᠷ᠎ᠲᠤ ᠭᠦᠨᠵᠡᠭᠡᠢ᠌ᠷᠡᠬᠦ ᠵᠢᠨ ᠬᠠᠮᠲᠤ᠂ ᠰᠠᠨᠠᠭ᠋ᠠᠴᠢᠯᠠᠭ᠎ᠠ᠎ᠠᠴᠠ᠎ᠪᠠᠨ ᠲᠠᠷᠢᠶᠠᠴᠢᠨ ᠡᠷᠦᠬᠡ ᠵᠢᠨ ᠨᠠᠮᠤᠷ᠎ᠤᠨ ᠬᠤᠷᠢᠶᠠᠯᠲᠠ ᠵᠢ ᠬᠠᠪᠰᠤᠷᠤᠨ᠂ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠵᠦ᠂ ᠣᠯᠠᠨ ᠲᠦᠮᠡᠨ᠎ᠤ ᠨᠠᠮᠤᠷ᠎ᠤᠨ ᠬᠤᠷᠢᠶᠠᠯᠲᠠ ᠵᠢᠨ ᠦᠢ᠍ᠯᠡᠳᠪᠦᠷᠢᠯᠡᠯ᠎ᠳᠤ ᠳᠡᠮᠵᠢᠯᠭᠡ ᠦᠵᠡᠭᠦᠯᠪᠡ᠃

微信图片_20230905175257.jpg  


     ᠲᠠᠢ᠌ᠹᠦᠰᠸ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠶᠦᠩ ᠹᠧᠩ ᠪᠠᠯᠭ᠋ᠠᠰᠤᠨ᠎ᠤ ᠰᠠᠨ ᠴᠠ ᠺᠸᠤ ᠲᠣᠰᠬᠣᠨ᠎ᠤ ᠣᠯᠠᠩᠬᠢ ᠰᠠᠭᠤᠭ᠋ᠠᠯᠢ ᠠᠷᠠᠳ᠎ᠨᠢ ᠨᠠᠰᠤ ᠠᠭᠢᠭᠰᠠᠨ ᠨᠠᠰᠤᠲᠠᠨ ᠪᠣᠯᠬᠤ ᠵᠢ ᠣᠯᠵᠤ ᠮᠡᠳᠡᠭᠡᠳ ᠳᠠᠷᠤᠢ ᠲᠦᠷᠭᠡᠨ ᠬᠠᠪᠰᠤᠷᠤᠯᠭ᠎ᠠ ᠦᠵᠡᠭᠦᠯᠪᠡ᠃ ᠠᠵᠢᠯᠯᠠᠭ᠎ᠠ᠎ᠳᠤ ᠣᠷᠣᠯᠴᠠᠭᠰᠠᠳ᠎ᠤᠨ ᠠᠵᠢᠯ᠎ᠤᠨ ᠬᠤᠪᠢᠶᠠᠷᠢᠯᠠᠯ ᠲᠣᠳᠣᠷᠬᠠᠶ᠂ ᠠᠷᠭ᠎ᠠ ᠪᠠᠷᠢᠯ ᠪᠣᠯᠪᠠᠰᠤᠷᠠᠩᠭᠤᠢ᠂ ᠬᠠᠷᠢᠯᠴᠠᠨ ᠬᠠᠮᠵᠢᠯᠴᠠᠵᠤ᠂ ᠬᠦᠷᠵᠡ᠂ ᠱᠦᠭᠦᠷ ᠵᠶ᠋ᠠᠷ ᠲᠠᠷᠢᠮᠠᠯ᠎ᠢ ᠳᠠᠰᠤᠷᠠᠯᠲᠠ ᠦᠭᠡᠢ ᠳᠡᠯᠭᠡᠨ ᠡᠭᠡᠭᠡᠵᠦ᠂ ᠲᠠᠷᠢᠶᠠᠴᠢᠳ᠎ᠤᠨ ᠮᠠᠭᠳᠠᠭ᠋ᠠᠯ ᠰᠠᠢ᠍ᠰᠢᠶᠠᠯ᠎ᠢ ᠬᠦᠷᠲᠡᠵᠦ᠂ ᠴᠠᠭᠳᠠᠭ᠎ᠠ ᠠᠷᠠᠳ᠎ᠤᠨ ᠬᠦᠴᠦ᠎ᠪᠠᠨ ᠬᠠᠮᠲᠤᠳᠬᠠᠭᠰᠠᠨ ᠡᠯᠪᠡᠭ ᠬᠤᠷᠢᠶᠠᠯᠲᠠ ᠵᠢᠨ ᠡᠪᠬᠡᠮᠡᠯ ᠵᠢᠷᠤᠭ ᠲᠠᠶ᠋ᠢᠹᠤᠰᠧ ᠬᠣᠰᠢᠭᠤᠨ᠎ᠳᠤ ᠠᠯᠭᠤᠷᠬᠠᠨ ᠳᠡᠯᠭᠡᠭᠳᠡᠪᠡ᠃

 微信图片_20230905175415.jpg 


     ᠴᠠᠭᠳᠠᠭ᠎ᠠ ᠨᠠᠷ ᠲᠠᠷᠢᠶᠠᠴᠢᠳ᠎ᠤᠨ ᠠᠮᠠᠷᠠᠬᠤ ᠴᠢᠯᠥᠭᠡ ᠵᠠᠪ᠎ᠢ ᠠᠰᠢᠭᠯᠠᠨ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ 《ᠵᠣᠭᠣᠭ ᠳᠡᠯᠭᠡᠬᠦ》 ᠠᠷᠭ᠎ᠠ ᠬᠡᠯᠪᠡᠷᠢ᠎ᠪᠠᠷ ᠳᠠᠮᠵᠢᠭᠤᠯᠤᠨ᠂ ᠬᠢᠯᠪᠠᠷ ᠣᠶ᠋ᠢᠯᠠᠭ᠋ᠠᠮᠵᠢᠲᠠᠶ ᠦᠭᠡ ᠬᠡᠯᠡ᠎ᠪᠠᠷ ᠣᠯᠠᠨ ᠲᠦᠮᠡᠨ᠎ᠳᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ᠂ ᠰᠣᠭᠲᠣᠭᠤ᠎ᠪᠠᠷ ᠲᠡᠷᠭᠡ ᠵᠢᠯᠣᠭᠣᠳᠬᠤ᠂ ᠲᠠᠷᠢᠶᠠᠯᠠᠩ᠎ᠳᠤ ᠬᠡᠷᠡᠭᠯᠡᠬᠦ ᠲᠡᠷᠭᠡ ᠬᠦᠰᠭᠡᠨ᠎ᠳᠤ ᠬᠠᠤᠯᠢ ᠪᠤᠰᠤ᠎ᠪᠠᠷ ᠬᠥᠮᠦᠨ ᠠᠴᠢᠶᠠᠯᠠᠬᠤ᠂ ᠬᠡᠭᠡᠷ᠎ᠡ ᠭᠠᠳᠠᠨ᠎ᠠ ᠲᠦᠷᠢᠮ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠬᠦ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠤᠤᠷ ᠬᠥᠨᠥᠭᠡᠯᠲᠦ ᠴᠢᠨᠠᠷ᠎ᠢ ᠲᠠᠶ᠋ᠢᠯᠪᠤᠷᠢᠯᠠᠵᠤ᠂ ᠥᠷᠭᠡᠨ ᠣᠯᠠᠨ᠎ᠢ ᠢᠳᠡᠪᠬᠢᠲᠡᠶ ᠵᠢᠯᠣᠭᠣᠳᠴᠤ ᠪᠠᠶ᠋ᠢᠭ᠋ᠠᠳ ᠠᠶᠤᠯ ᠥᠬᠡᠶ ᠦᠢ᠍ᠯᠡᠳᠪᠦᠷᠢᠯᠡᠯ᠎ᠤᠨ ᠦᠵᠡᠯ ᠤᠬᠠᠮᠰᠠᠷ᠎ᠢ ᠪᠣᠶ ᠪᠣᠯᠭ᠋ᠠᠵᠤ᠂ ᠲᠠᠷᠢᠶᠠᠴᠢᠳ᠎ᠤᠨ ᠨᠠᠮᠤᠷ᠎ᠤᠨ ᠬᠤᠷᠢᠶᠠᠯᠲᠠ ᠵᠢᠨ ᠶᠠᠭ᠋ᠠᠷᠠᠦ ᠦᠶ᠎ᠡ᠎ᠳᠤ ᠲᠣᠰ ᠪᠡᠶ᠎ᠡ ᠵᠢᠨ ᠡᠳ᠋ ᠬᠥᠷᠥᠩᠭᠡ ᠵᠢᠨ ᠠᠮᠤᠷ ᠲᠦᠪᠰᠢᠨ ᠵᠶ᠋ᠠᠨ ᠠᠩᠬᠠᠷᠴᠤ᠂ ᠲᠣᠭᠲᠠᠭ᠋ᠠᠯ ᠶᠣᠰᠣᠭ᠋ᠠᠷ ᠦᠢ᠍ᠯᠡᠳᠪᠦᠷᠢᠯᠡᠯ᠎ᠤᠨ ᠠᠵᠢᠯᠯᠠᠭ᠎ᠠ᠎ᠳᠤ ᠣᠷᠤᠯᠴᠠᠨ᠂ ᠡᠶ᠎ᠡ ᠵᠣᠬᠢᠴᠠᠯ᠎ᠲᠠᠢ ᠠᠮᠤᠷ ᠲᠦᠪᠰᠢᠨ ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠣᠷᠴᠢᠨ ᠨᠥᠬᠥᠴᠡᠯ᠎ᠢ ᠬᠠᠮᠲᠤ᠎ᠪᠠᠷ ᠪᠣᠶ ᠪᠣᠯᠭ᠋ᠠᠬᠤ ᠵᠢ ᠰᠠᠨᠠᠭᠤᠯᠪᠠ᠃

 

  

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ