ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠡᠭᠦᠷᠭᠡ ᠬᠠᠷᠢᠭᠤᠴᠠᠯᠭ᠎ᠠ᠎ᠪᠠᠨ ᠬᠢᠴᠢᠶᠡᠩᠭᠦ᠋ᠢ᠍ᠯᠡᠨ ᠰᠠᠬᠢᠵᠤ ᠴᠠᠭᠳᠠᠭ᠋ᠠᠨ᠎ᠤ ᠰᠦᠯᠳᠡ ᠵᠢᠨ ᠢᠷᠠᠭᠤ ᠠᠯᠳᠠᠷ᠎ᠢ ᠰᠠᠬᠢᠨ ᠬᠠᠮᠠᠭ᠋ᠠᠯᠠᠭᠰᠠᠨ ᠠᠷᠠᠳ᠎ᠤᠨ ᠴᠠᠭᠳᠠᠭ᠎ᠠ — ᠶᠠᠩ ᠽᠠᠢ ᠶᠦᠩ
ᠨᠡᠶ᠋ᠢᠲᠡᠯᠡᠭᠰᠡᠨ ᠴᠠᠭ᠄ 2024-01-31

     ᠶᠠᠩ ᠽᠠᠢ ᠶᠦᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ 2003 ᠣᠨ᠎ᠤ 5 ᠰᠠᠷ᠎ᠠ᠎ᠳᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠭᠠᠷᠴᠤ᠂ ᠤᠤᠯ᠎ᠨᠢ ᠰᠢᠯᠢ ᠵᠢᠨ ᠭᠤᠣᠯ ᠠᠶ᠋ᠢᠮᠠᠭ᠎ᠤᠨ ᠲᠠᠢ᠌ᠹᠦᠰᠸ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠭᠡ ᠠᠩᠭᠢ ᠵᠢᠨ ᠵᠢᠭ᠋ᠠᠨ ᠵᠢᠯᠤᠭᠤᠳᠤᠭᠴᠢ ᠪᠠᠶ᠋ᠢᠵᠠᠢ᠃ ᠠᠵᠢᠯ ᠎ᠳᠤ ᠭᠠᠷᠤᠭᠰᠠᠨ 20 ᠭᠠᠷᠤᠢ ᠵᠢᠯ᠎ᠤᠨ ᠲᠤᠷᠰᠢ᠂ ᠲᠡᠷᠡ ᠤᠯᠠᠠ᠎ᠤ ᠲᠥᠯᠥᠭᠡ ᠵᠢᠳᠬᠦᠵᠦ᠂ ᠡᠷᠡᠰ ᠪᠠᠲᠤ ᠪᠠᠷᠢᠮᠲᠠᠯᠠᠯ᠎ᠲᠠᠢ᠂ ᠬᠦᠴᠢᠷ᠎ᠢ ᠰᠦᠷᠦᠨ ᠤᠷᠤᠭᠰᠢᠯᠠᠬᠤ ᠵᠣᠷᠢᠭ ᠰᠠᠨᠠᠭ᠎ᠠ ᠪᠣᠯᠤᠨ ᠭᠡᠭᠦᠲᠡᠭ ᠳᠦᠭᠦᠷᠡᠩ ᠬᠠᠯᠠᠭᠤᠨ ᠰᠡᠳᠬᠢᠯᠭᠡ᠎ᠪᠠᠷ ᠴᠠᠭᠳᠠᠭ᠎ᠠ ᠵᠢᠨ ᠬᠠᠷᠢᠭᠤᠴᠠᠯᠭ᠎ᠠ ᠪᠣᠯᠤᠨ ᠡᠭᠦᠷᠭᠡᠯᠡᠯ᠎ᠢ ᠲᠠᠶ᠋ᠢᠯᠪᠤᠷᠢᠯᠠᠭᠰᠠᠨ ᠪᠠᠶ᠋ᠢᠨ᠎ᠠ᠃

微信图片_20240110194151.jpg  


    ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠳᠤ ᠴᠣᠬᠢᠯᠲᠠ ᠥᠭᠬᠦ ᠠᠶᠠᠨ ᠵᠠᠮ᠎ᠳᠤ᠂ ᠲᠡᠷᠡ ᠨᠥᠬᠦᠳ ᠵᠶ᠋ᠠᠨ ᠳᠠᠭ᠋ᠠᠭᠤᠯᠤᠨ ᠰᠢᠷᠦᠭᠦᠨ ᠪᠣᠷᠣᠭ᠋ᠠᠨ ᠰᠢᠪᠠᠷ ᠱᠠᠯᠴᠢᠭ᠎ᠢ ᠲᠤᠭᠤᠯᠵᠤ᠂ ᠡᠬᠡ ᠤᠯᠤᠰ᠎ᠤᠨ ᠥᠷᠭᠡᠨ ᠠᠭᠤᠳᠠᠮ ᠨᠤᠲᠤᠭ ᠳᠡᠪᠢᠰᠬᠡᠷ᠎ᠢ ᠰᠤᠨᠳᠠᠯᠠᠵᠤ᠂ ᠶᠡᠷᠦᠩᠬᠡᠢ ᠠᠶᠠᠯᠠᠯ᠎ᠨᠢ 5 ᠲᠦᠮᠡᠨ ᠺᠢᠯᠦᠮᠸᠲᠷ᠎ᠢ ᠳᠠᠪᠠᠵᠤ᠂ 160 ᠭᠠᠷᠤᠢ ᠡᠳᠦᠷ ᠠᠶᠠᠯᠠᠵᠤ᠂ ᠶᠠᠯ᠎ᠠ ᠬᠢᠭᠰᠡᠨ ᠰᠡᠵᠢᠭᠳᠡᠨ᠎ᠢ ᠨᠢᠭᠡᠳ ᠨᠢᠭᠡ᠎ᠪᠠᠷ ᠪᠠᠷᠢᠪᠴᠢᠯᠠᠪᠠ᠃ ᠠᠮᠢᠨ ᠬᠡᠷᠡᠭ᠂ ᠳᠠᠷᠤᠭᠳᠠᠮᠠᠯ ᠬᠡᠷᠡᠭ᠎ᠢ ᠲᠠᠩᠨᠠᠨ ᠢᠯᠡᠷᠡᠭᠦᠯᠬᠦ ᠶᠠᠪᠤᠴᠠ᠎ᠳᠤ᠂ ᠲᠡᠷᠡ ᠬᠤᠷᠴᠠ ᠰᠡᠷᠭᠡᠭ ᠬᠠᠷᠠᠴᠠ ᠪᠠ ᠨᠠᠷᠢᠨ ᠨᠢᠭᠲᠠ ᠰᠡᠳᠬᠢᠯᠭᠡ᠎ᠪᠠᠷ ᠰᠦᠪᠡᠭᠴᠢ ᠵᠢ ᠡᠮᠬᠢᠯᠡᠨ ᠲᠢᠭᠯᠡᠵᠦ᠂ ᠵᠠᠳᠠᠯᠤᠨ ᠮᠠᠭ᠋ᠠᠳᠯᠠᠵᠤ᠂ ᠬᠤᠣᠷᠯᠠᠭᠳᠠᠭᠰᠠᠳ᠎ᠤᠨ ᠭᠡᠷ ᠪᠦᠯᠢ ᠵᠢᠨ᠎ᠬᠢᠨ᠎ᠳᠤ 17 ᠵᠢᠯ ᠠᠯᠤᠰᠯᠠᠭ᠋ᠠᠳ ᠦᠨᠡᠨ ᠪᠠᠶ᠋ᠢᠳᠠᠯ᠎ᠢ ᠲᠣᠳᠣᠷᠠᠭᠤᠯᠵᠤ᠂ ᠲᠡᠳᠡᠨ᠎ᠢ ᠲᠠᠶ᠋ᠢᠳᠬᠤᠷᠠᠭᠤᠯᠪᠠ᠃ ᠲᠡᠷᠡ ᠪᠠᠰᠠ ᠰᠢᠶᠠᠩᠭ᠋ᠠᠩ᠎ᠤᠨ ᠰᠠᠭᠤᠭ᠋ᠠᠯᠢ ᠠᠷᠠᠳ ᠯᠢᠦ ᠣᠪᠣᠭᠲᠤ ᠵᠢ ᠤᠤᠯᠭ᠋ᠠᠯᠠᠭᠰᠠᠨ ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠬᠤ᠎ᠳᠤ ᠣᠷᠣᠯᠴᠠᠵᠤ ᠭᠠᠷᠮᠠᠭ᠋ᠠᠶ ᠴᠢᠳᠠᠪᠤᠷᠢ᠎ᠪᠠᠨ ᠢᠯᠡᠷᠡᠭᠦᠯᠦᠭᠰᠡᠨ ᠪᠠᠶ᠋ᠢᠨ᠎ᠠ᠃ ᠤᠳᠠᠭ᠎ᠠ ᠪᠦᠷᠢ ᠵᠢᠨ ᠠᠵᠢᠯᠯᠠᠭ᠎ᠠ᠎ᠨᠢ ᠴᠥᠮ ᠶᠠᠯ᠎ᠠ ᠬᠢᠭᠰᠡᠨ ᠰᠡᠵᠢᠭᠳᠡᠨ᠎ᠲᠠᠢ ᠦᠵᠡᠯᠴᠡᠵᠦ ᠪᠠᠶ᠋ᠢᠭ᠎ᠠ ᠶᠠᠪᠤᠳᠠᠯ ᠮᠥᠨ᠂ ᠪᠠᠰᠠ ᠴᠤ᠌ ᠲᠡᠭᠦᠨ᠎ᠤ ᠰᠢᠳᠤᠷᠭᠤ ᠶᠣᠰᠣ ᠵᠢ ᠪᠠᠲᠤ ᠰᠠᠬᠢᠵᠤ ᠪᠠᠶ᠋ᠢᠭ᠎ᠠ ᠶᠠᠪᠤᠳᠠᠯ ᠶᠤᠮ᠃ ᠲᠡᠷᠡ ᠥᠪᠡᠷ᠎ᠤᠨ ᠪᠣᠳᠠᠲᠤ ᠠᠵᠢᠯᠯᠠᠭ᠎ᠠ᠎ᠪᠠᠷ ᠵᠶ᠋ᠠᠨ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠬᠤᠰᠢᠭᠤᠴᠢ ᠴᠡᠷᠢᠭ᠎ᠤᠨ ᠰᠦᠷ ᠬᠦᠴᠦ ᠵᠢ ᠭᠡᠷᠡᠴᠢᠯᠡᠪᠡ᠃

 微信图片_20240110194354.jpg 


    《ᠦᠨᠡᠨᠴᠢ ᠰᠢᠳᠤᠷᠭᠤ᠂ ᠬᠠᠷᠢᠭᠤᠴᠠᠯᠭ᠎ᠠ᠎ᠲᠠᠢ᠂ ᠪᠤᠰᠤᠳ᠎ᠢ ᠬᠠᠪᠰᠤᠷᠤᠨ ᠳᠡᠮᠵᠢᠳᠡᠭ》 ᠪᠣᠯ ᠬᠠᠮᠲᠤ ᠠᠵᠢᠯᠯᠠᠭᠰᠠᠳ᠎ᠤᠨ ᠶᠠᠩ ᠽᠠᠢ ᠶᠦᠩ᠎ᠤᠨ ᠲᠤᠬᠠᠢ ᠬᠠᠮᠲᠤ ᠵᠢᠨ ᠰᠠᠭᠤᠭᠳᠠᠯ ᠪᠣᠯᠤᠨ᠎ᠠ᠃ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠭᠡ ᠠᠩᠭᠢ ᠵᠢᠨ ᠵᠢᠭ᠋ᠠᠨ ᠵᠢᠯᠣᠭᠤᠳᠣᠭᠴᠢ ᠪᠣᠯᠤᠭᠰᠠᠨ᠎ᠤ ᠬᠤᠪᠢ᠎ᠳᠤ᠂ ᠶᠠᠩ ᠽᠠᠢ ᠶᠦᠩ ᠡᠯᠪᠡᠭ ᠲᠤᠷᠰᠢᠯᠭ᠎ᠠ᠎ᠲᠠᠢ᠂ ᠲᠤᠷᠰᠢᠨ ᠪᠠᠶ᠋ᠢᠴᠠᠭ᠋ᠠᠬᠤ᠂ ᠪᠠᠷᠢᠪᠴᠢᠯᠠᠬᠤ᠂ ᠰᠢᠭᠦᠨ ᠠᠰᠠᠭᠤᠬᠤ ᠵᠡᠷᠭᠡ ᠶᠠᠪᠤᠴᠠ ᠳᠤᠮᠳᠠ ᠵᠠᠩᠭᠢᠯᠠᠭ᠎ᠠ ᠵᠢᠨ ᠦᠢ᠍ᠯᠡᠳᠦᠯ᠎ᠢ ᠪᠠᠳᠠᠷᠠᠭᠤᠯᠵᠤ᠂ ᠬᠦᠨᠳᠦ ᠶᠡᠭᠡ ᠡᠷᠡᠭᠦᠦ ᠵᠢᠨ ᠬᠡᠷᠡᠭ᠎ᠢ ᠣᠯᠠᠨᠲᠠ ᠢᠯᠡᠷᠡᠭᠦᠯᠪᠡ᠃ ᠠᠵᠢᠯ᠎ᠤᠨ ᠬᠢᠷᠢ ᠪᠦᠲᠦᠮᠵᠢ ᠲᠣᠪᠤᠶ᠋ᠢᠮ᠎ᠠ᠎ᠠᠴᠠ ᠪᠣᠯᠵᠣ᠂ ᠲᠡᠷᠡ ᠬᠤᠪᠢ ᠬᠥᠮᠦᠨ᠎ᠤ ᠭᠤᠷᠪᠠᠳᠤᠭ᠋ᠠᠷ ᠳᠡᠰ᠎ᠤᠨ ᠭᠠᠪᠢᠶ᠎ᠠ 5 ᠤᠳᠠᠭ᠎ᠠ ᠳᠡᠮᠳᠡᠭᠯᠡᠭᠦᠯᠵᠦ᠂ ᠬᠤᠪᠢ ᠬᠥᠮᠦᠨ᠎ᠤ ᠰᠠᠢ᠌ᠰᠢᠶᠠᠯ ᠬᠦᠬᠢᠭᠦᠯᠦᠯ᠎ᠢ 1 ᠤᠳᠠᠭ᠎ᠠ ᠬᠥᠷᠳᠡᠵᠦ᠂ ᠣᠯᠠᠨ ᠤᠳᠠᠭ᠎ᠠ ᠪᠥᠬᠦ ᠬᠤᠰᠢᠭᠤᠨ᠎ᠤ ᠰᠢᠯᠢᠳᠡᠭ ᠠᠯᠪᠠᠲᠠᠨ ᠵᠶ᠋ᠠᠷ ᠦᠨᠡᠯᠡᠭᠳᠡᠪᠡ᠃

    ᠣᠯᠠᠨ ᠵᠢᠯ᠎ᠤᠨ ᠲᠤᠷᠰᠢ᠂ ᠲᠡᠷᠡ ᠨᠥᠬᠦᠳ᠎ᠲᠠᠢ᠎ᠪᠠᠨ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠠᠵᠢᠯ᠎ᠳᠤ ᠮᠢᠩᠭ᠎ᠠ ᠭᠠᠷᠤᠶ ᠤᠳᠠᠭ᠎ᠠ ᠣᠷᠣᠯᠴᠠᠵᠤ᠂ 500 ᠭᠠᠷᠤᠶ ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ 29 ᠬᠥᠮᠦᠨ ᠠᠯᠠᠭᠰᠠᠨ ᠬᠡᠷᠡᠭ᠎ᠢ ᠢᠯᠡᠷᠠᠭᠦᠯᠵᠦ᠂ ᠴᠠᠬᠢᠯᠭ᠋ᠠᠨ ᠬᠤᠯᠪᠣᠭ᠋ᠠᠨ᠎ᠤ ᠮᠡᠬᠡᠯᠡᠯ᠎ᠤᠨ ᠬᠡᠷᠡᠭ᠎ᠢ ᠵᠠᠭᠤ ᠭᠠᠷᠤᠶ ᠳᠡᠩᠨᠡᠨ ᠢᠯᠡᠷᠡᠭᠦᠯᠵᠦ᠂ 50 ᠭᠠᠷᠤᠶ ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠣᠯᠠᠨ ᠲᠦᠮᠡᠨ᠎ᠤ 100 ᠭᠠᠷᠤᠶ ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠵᠠᠶ᠃

    ᠲᠡᠷᠡ᠄ 《ᠠᠷᠠᠳ ᠲᠦᠮᠡᠨ᠎ᠳᠤ ᠠᠮᠤᠷ ᠲᠦᠪᠰᠢᠨ ᠣᠷᠴᠢᠨ ᠲᠤᠭᠤᠷᠢᠨ ᠣᠯᠭᠤᠬᠤ ᠪᠣᠯ ᠪᠢᠳᠡᠨ᠎ᠤ ᠬᠠᠮᠤᠭ᠎ᠤᠨ ᠶᠡᠭᠡ ᠬᠥᠳᠡᠯᠭᠡᠬᠦ ᠬᠦᠴᠦᠨ ᠮᠥᠨ᠃ ᠦᠨᠳᠦᠰᠦᠨ ᠱᠠᠲᠤᠨ᠎ᠤ ᠡᠷᠡᠭᠦᠦ ᠵᠢᠨ ᠴᠠᠭᠳᠠᠭ᠎ᠠ ᠪᠣᠯᠤᠭᠰᠠᠨ᠎ᠤ ᠬᠤᠪᠢ᠎ᠳᠤ᠂ ᠲᠤᠷᠰᠢᠨ ᠪᠠᠶ᠋ᠢᠴᠠᠭ᠋ᠠᠵᠤ ᠬᠡᠷᠡᠭ ᠢᠯᠡᠷᠡᠭᠦᠯᠬᠦ ᠪᠣᠯ ᠪᠢᠳᠡᠨ᠎ᠤ ᠲᠤᠬᠠᠶ᠋ᠢᠯᠠᠭᠰᠠᠨ ᠠᠵᠢᠯ ᠶᠤᠮ᠃ ᠬᠡᠷᠡᠭ᠎ᠢ ᠲᠠᠩᠨᠠᠨ ᠢᠯᠡᠷᠡᠭᠦᠯᠬᠦ᠎ᠳᠤ ᠲᠦᠳᠡ ᠵᠠᠮ ᠦᠭᠡᠢ᠂ ᠬᠠᠮᠤᠭ ᠣᠬᠤᠷ ᠴᠠᠭ᠂ ᠬᠠᠮᠤᠭ ᠪᠠᠭ᠎ᠠ ᠴᠠᠭᠳᠠᠭ᠋ᠠᠨ᠎ᠤ ᠬᠦᠴᠦᠨ᠎ᠢ ᠬᠡᠷᠡᠭᠯᠡᠵᠦ ᠬᠡᠷᠡᠭ᠎ᠤᠨ ᠪᠠᠶ᠋ᠢᠳᠠᠯ᠂ ᠲᠤᠬᠠᠶ ᠵᠢᠨ ᠲᠠᠯᠠᠪᠤᠷ᠎ᠢ ᠨᠡᠪᠲᠡ ᠣᠶ᠋ᠢᠯᠠᠭ᠋ᠠᠬᠤ ᠬᠡᠷᠡᠭᠲᠡᠶ᠃ ᠡᠨᠡ ᠠᠵᠢᠯ᠎ᠢ ᠰᠣᠩᠭᠤᠪᠠᠯ᠂ ᠠᠵᠢᠯ ᠪᠦᠬᠦᠨ ᠵᠶ᠋ᠠᠨ ᠰᠠᠢ᠌ᠳᠦᠷ ᠭᠦᠢ᠍ᠴᠡᠳᠭᠡᠨ᠂ ᠡᠨᠡ ᠪᠡᠶ᠎ᠡ ᠴᠠᠭᠳᠠᠭ᠋ᠠᠨ᠎ᠤ ᠬᠤᠪᠴᠠᠰᠤ᠎ᠪᠠᠨ ᠨᠠᠨᠳᠢᠩᠨᠠᠵᠤ᠂ ᠡᠨᠡ ᠬᠦ᠌ ᠠᠵᠢᠯ ᠪᠢᠳᠡᠨ᠎ᠳᠤ ᠠᠪᠴᠢᠷᠠᠭᠰᠠᠨ ᠢᠷᠠᠭᠤ ᠠᠯᠳᠠᠷ ᠵᠶ᠋ᠠᠨ ᠨᠠᠨᠳᠢᠩᠨᠠᠬᠤ ᠬᠡᠷᠡᠭᠲᠡᠶ》 ᠭᠡᠵᠦ ᠬᠡᠯᠡᠪᠡ᠃

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ