ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠤᠷᠠᠳ᠎ᠤᠨ ᠳᠤᠮᠳᠠᠳᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠯᠧᠢ ᠹᠧᠩ᠎ᠠᠴᠠ ᠰᠤᠷᠤᠯᠴᠠᠵᠤ · ᠪᠢᠳᠡ ᠪᠦᠭᠦᠳᠡᠭᠡᠷ ᠵᠶ᠋ᠡᠨ ᠪᠣᠯᠪᠠᠰᠤᠨ᠎ᠢ ᠦᠢ᠍ᠯᠡᠳᠦᠯᠭᠡᠵᠢᠭᠦᠯᠦᠶ᠎ᠡ》 ᠭᠤᠤᠯ ᠰᠡᠳᠡᠪᠲᠦ ᠰᠠᠶ᠋ᠢᠨ ᠳᠤᠷ᠎ᠠ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-04-10

    3 ᠳ᠋ᠤᠭ᠋ᠠᠷ ᠰᠠᠷ᠎ᠠ ᠵᠢᠨ 5᠎ᠤ ᠡᠳᠦᠷ᠂ ᠤᠷᠠᠳ᠎ᠤᠨ ᠳᠤᠮᠳᠠᠳᠤ ᠬᠣᠰᠢᠭᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ 20 ᠭᠠᠷᠤᠢ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠵᠤ ᠨᠡᠶ᠋ᠢᠭᠡᠮ ᠲᠣᠭᠣᠷᠢᠭ᠎ᠲᠤ ᠭᠦᠨᠵᠡᠭᠡᠶ᠋ᠢᠷᠡᠭᠦᠯᠦᠨ 《ᠯᠧᠢ ᠹᠧᠩ᠎ᠠᠴᠠ ᠰᠤᠷᠤᠯᠴᠠᠵᠤ· ᠪᠢᠳᠡ ᠪᠦᠭᠦᠳᠡᠭᠡᠷ ᠵᠶ᠋ᠡᠨ ᠪᠣᠯᠪᠠᠰᠤᠨ᠎ᠢ ᠦᠢ᠍ᠯᠡᠳᠦᠯᠭᠡᠵᠢᠭᠦᠯᠦᠶ᠎ᠡ》 ᠭᠡᠬᠦ ᠰᠠᠶ᠋ᠢᠨ ᠳᠤᠷ᠎ᠠ ᠵᠢᠨ ᠠᠵᠢᠯᠯᠠᠭ᠎ᠠ ᠥᠷᠨᠢᠭᠦᠯᠪᠡ᠃

微信图片_20240308193439.jpg   


    ᠠᠵᠢᠯᠯᠠᠭ᠎ᠠ ᠵᠢᠨ ᠳᠤᠮᠳᠠ᠂ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠡᠷᠴᠢ ᠵᠣᠷᠢᠭ ᠲᠡᠭᠦᠯᠳᠡᠷ ᠪᠠᠶ᠋ᠢᠵᠤ᠂ ᠬᠠᠷᠢᠶᠠᠲᠤ ᠣᠷᠣᠨ᠎ᠤ ᠬᠣᠭ ᠨᠣᠪᠰᠢ ᠵᠢ ᠴᠡᠪᠡᠷᠯᠡᠨ᠂ 《ᠬᠦᠴᠢᠷ᠎ᠠᠴᠠ ᠠᠶᠤᠬᠤ ᠦᠭᠡᠢ᠂ ᠶᠠᠳᠠᠷᠠᠬᠤ᠎ᠠᠴᠠ ᠠᠶᠤᠬᠤ ᠦᠭᠡᠢ᠂ ᠪᠤᠵᠠᠷ᠎ᠠᠴᠠ ᠠᠶᠤᠬᠤ ᠦᠭᠡᠢ》 ᠯᠧᠢ ᠹᠧᠩ᠎ᠤᠨ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠵᠤ᠂ ᠡᠷᠭᠢᠨ ᠲᠣᠭᠣᠷᠢᠨ᠎ᠤ ᠰᠠᠭᠤᠭ᠋ᠠᠯᠢ ᠠᠷᠠᠳ᠎ᠲᠤ ᠴᠡᠪᠡᠷ ᠴᠡᠮᠴᠡᠭᠡᠷ᠂ ᠭᠣᠶᠣ ᠰᠠᠶ᠋ᠢᠬᠠᠨ ᠠᠮᠢᠳᠤᠷᠠᠯ᠎ᠤᠨ ᠣᠷᠴᠢᠨ ᠲᠣᠭᠣᠷᠢᠨ᠎ᠢ ᠪᠣᠢ ᠪᠣᠯᠭ᠋ᠠᠵᠤ᠂ 《ᠪᠣᠯᠪᠠᠰᠤᠨ ᠬᠣᠲᠠ ᠵᠢ ᠪᠢᠳᠡ ᠬᠠᠮᠲᠤ᠎ᠪᠠᠷ ᠴᠤᠭᠴᠠᠯᠠᠬᠤ》 ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠢ ᠪᠣᠯᠭ᠋ᠠᠪᠠ᠃ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ᠎ᠠᠴᠠ 《ᠯᠧᠢ ᠹᠧᠩ᠎ᠠᠴᠠ ᠰᠤᠷᠤᠯᠴᠠᠬᠤ ᠡᠳᠦᠷ》 ᠵᠶ᠋ᠠᠷ ᠠᠵᠠ ᠲᠣᠬᠢᠶᠠᠯ ᠪᠣᠯᠭ᠋ᠠᠵᠤ᠂ ᠯᠧᠢ ᠹᠧᠩ᠎ᠤᠨ ᠵᠣᠷᠢᠭ ᠰᠠᠨᠠᠭ᠎ᠠ ᠵᠢ ᠰᠡᠳᠬᠢᠯ᠎ᠳᠤ᠎ᠪᠠᠨ ᠬᠠᠳᠠᠩᠰᠢᠭᠤᠯᠬᠤ ᠵᠢᠨ ᠬᠠᠮᠲᠤ ᠬᠣᠶ᠋ᠢᠰᠢᠳᠠ ᠵᠢᠨ ᠠᠵᠢᠯ᠎ᠤᠨ ᠳᠤᠮᠳᠠ᠎ᠪᠠᠨ ᠯᠧᠢ ᠹᠧᠩ ᠨᠥᠬᠥᠷ᠎ᠤᠨ ᠪᠤᠰᠤᠳ᠎ᠢ ᠬᠠᠪᠰᠤᠷᠬᠤ ᠳᠤᠷᠠᠲᠠᠢ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠵᠢ ᠰᠤᠷᠤᠯᠴᠠᠵᠤ᠂ ᠡᠭᠡᠯ ᠵᠢᠷ᠎ᠤᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠶᠡᠷᠦ ᠪᠤᠰᠤ ᠵᠢᠨ ᠠᠮᠵᠢᠯᠲᠠ ᠪᠦᠲᠦᠮᠵᠢ ᠭᠠᠷᠭ᠋ᠠᠨ᠎ᠠ ᠭᠡᠵᠦ ᠢᠯᠡᠳᠬᠡᠵᠡᠭᠡᠪᠡ᠃ (ᠤᠷᠠᠳ᠎ᠤᠨ ᠲᠤᠮᠲᠠᠲᠤ ᠬᠤᠰᠢᠭᠤᠨ᠎ᠤ ᠲᠤᠲᠤᠭ᠋ᠠᠲᠤ ᠵᠢ ᠬᠠᠮᠠᠭ᠋ᠠᠯᠠᠬᠤ ᠲᠤᠪᠴᠢᠶ᠎ᠠ ᠵᠢᠨ  ᠡᠭᠦᠯᠠᠩᠬᠤᠸᠠᠷ  ᠮᠡᠳᠡᠭᠡᠯᠡᠪᠡ)

 

ᠢᠷᠡᠯᠲᠡ᠄ ᠪᠠᠶᠠᠨᠨᠠᠭᠤᠷ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ