ᠪᠤᠭᠤᠲᠤ ᠬᠣᠲᠠ ᠵᠢᠨ ᠳ᠋ᠦᠩ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠳᠣᠲᠣᠭ᠋ᠠᠳᠤ ᠵᠢ ᠬᠠᠮᠠᠭ᠋ᠠᠯᠠᠬᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠡᠳᠦᠷ ᠳᠤᠳᠤᠮ᠎ᠤᠨ ᠬᠠᠷᠢᠶ᠎ᠠ ᠣᠷᠣᠨ᠎ᠤ ᠲᠣᠭᠣᠷᠢᠨ ᠴᠠᠭᠳᠠᠬᠤ ᠲᠣᠭᠲᠠᠴᠠ ᠵᠢ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ᠂ ᠴᠠᠭᠳᠠᠭ᠋ᠠᠨ᠎ᠤ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠷᠢᠶ᠎ᠠ ᠣᠷᠣᠨ᠎ᠤ ᠭᠣᠣᠯᠳᠠᠯᠭ᠎ᠠ᠎ᠲᠠᠢ ᠬᠡᠰᠡᠭ᠎ᠲᠤ ᠲᠠᠯᠪᠢᠵᠤ᠂ 《ᠳᠠᠯᠳᠠ ᠭᠠᠵᠠᠷ》᠎ᠢ 《ᠢᠯᠠ ᠭᠠᠵᠠᠷ》 ᠪᠣᠯᠭ᠋ᠠᠵᠤ᠂ ᠠᠷᠠᠳ ᠤᠯᠠᠨ᠎ᠤ ᠲᠠᠢ᠌ᠪᠤᠩᠲᠤ ᠲᠦᠷᠦᠭᠳᠡᠯ᠎ᠢ ᠨᠡᠮᠡᠭᠳᠡᠭᠦᠯᠪᠡ᠃ ᠳ᠋ᠦᠩ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠲᠢᠶᠸ ᠰᠢ ᠲᠣᠮᠢᠯᠠᠭᠰᠠᠨ ᠰᠠᠯᠪᠤᠷᠢ 《ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠠᠷᠠᠳ ᠲᠦᠮᠡᠨ᠎ᠳᠤ ᠦᠢ᠍ᠯᠡᠴᠢᠯᠡᠬᠦ》 ᠦᠢ᠍ᠯᠡᠴᠢᠯᠡᠭᠡᠨ᠎ᠤ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠠᠷᠠᠳ ᠤᠯᠠᠨ᠎ᠤ ᠠᠮᠤᠷ ᠲᠦᠪᠰᠢᠨ᠎ᠤ ᠲᠥᠯᠥᠭᠡ ᠦᠨᠡᠨ ᠰᠡᠳᠬᠢᠯ᠎ᠠᠴᠠ᠎ᠪᠠᠨ ᠬᠠᠯᠠᠭᠤᠨ ᠵᠶ᠋ᠠᠷ ᠦᠢ᠍ᠯᠡᠴᠢᠯᠡᠭᠰᠡᠭᠡᠷ ᠢᠷᠡᠵᠠᠢ᠃ ᠣᠶ᠋ᠢᠷ᠎ᠠ᠎ᠳᠤ᠂ ᠨᠢᠭᠡᠨ ᠲᠥᠭᠡᠷᠢᠭᠰᠡᠨ ᠨᠠᠰᠤᠲᠠᠨ᠎ᠢ ᠠᠮᠵᠢᠯᠲᠠ᠎ᠲᠠᠢ᠎ᠪᠠᠷ ᠠᠪᠤᠷᠠᠨ ᠲᠤᠰᠠᠯᠠᠵᠤ᠂ ᠣᠯᠠᠨ ᠲᠦᠮᠡᠨ᠎ᠤ ᠲᠠᠯᠠᠷᠬᠠᠯ ᠪᠠ ᠮᠠᠭᠲᠠᠭ᠋ᠠᠯ᠎ᠢ ᠣᠯᠤᠭᠰᠠᠨ ᠪᠠᠶ᠋ᠢᠨ᠎ᠠ᠃
2023 ᠣᠨ᠎ᠤ 11 ᠰᠠᠷ᠎ᠠ ᠵᠢᠨ 3᠎ᠤ ᠡᠳᠦᠷ᠎ᠤᠨ ᠦᠳᠡ ᠵᠢᠨ ᠡᠮᠦᠨᠡᠬᠢ 9 ᠴᠠᠭ᠎ᠤᠨ ᠦᠶ᠎ᠡ᠎ᠪᠠᠷ᠂ ᠲᠢᠶᠸ ᠰᠢ ᠲᠣᠮᠢᠯᠠᠭᠰᠠᠨ ᠰᠠᠯᠪᠤᠷᠢ ᠵᠢᠨ ᠴᠠᠭᠳᠠᠭ᠎ᠠ ᠲᠣᠭᠣᠷᠢᠨ ᠴᠠᠭᠳᠠᠬᠤ ᠶᠠᠪᠤᠴᠠ᠎ᠳᠤ᠎ᠪᠠᠨ ᠨᠢᠭᠡ ᠨᠠᠰᠤᠲᠠᠨ᠎ᠤ ᠨᠢᠳᠦ᠎ᠨᠢ ᠮᠡᠯᠡᠷᠡᠨ᠂ ᠪᠡᠶ᠎ᠡ᠎ᠨᠢ ᠴᠡᠴᠡᠷᠡᠨ ᠳᠠᠭᠵᠢᠵᠤ ᠵᠠᠮ᠎ᠤᠨ ᠬᠠᠵᠠᠭᠤ᠎ᠳᠤ ᠰᠠᠭᠤᠵᠤ ᠪᠠᠶ᠋ᠢᠬᠤ ᠵᠢ ᠣᠯᠵᠤ ᠬᠠᠷᠠᠭ᠋ᠠᠳ᠂ ᠠᠷᠠᠳ᠎ᠤᠨ ᠴᠠᠭᠳᠠᠭ᠎ᠠ ᠲᠡᠷᠡ ᠨᠠᠰᠤᠲᠠᠨ᠎ᠤ ᠬᠠᠵᠠᠭᠤ᠎ᠳᠤᠨᠢ ᠬᠥᠷᠥᠭᠡᠳ᠄ 《ᠲᠠ ᠵᠦᠭᠡᠷ ᠪᠢᠵᠡ ᠳ᠋ᠡ? ᠪᠡᠶ᠎ᠡ ᠴᠢᠨᠢ ᠲᠠᠭ᠎ᠠ ᠦᠭᠡᠶ ᠪᠠᠢ᠌ᠨ᠎ᠠ ᠤᠤ? ᠭᠡᠷ᠎ᠤᠨ ᠬᠥᠮᠦᠰ ᠴᠢᠨᠢ ᠬᠠᠨᠢ ᠪᠣᠯᠵᠤ ᠪᠠᠢ᠌ᠨ᠎ᠠ ᠤᠤ?》 ᠭᠡᠵᠦ ᠠᠷᠠᠳ᠎ᠤᠨ ᠴᠠᠭᠳᠠᠭ᠎ᠠ ᠣᠯᠠᠨᠲᠠ ᠯᠠᠪᠯᠠᠨ ᠠᠰᠠᠭᠤᠭᠰᠠᠨ᠎ᠳᠤ ᠨᠠᠰᠤᠲᠠᠨ ᠮᠥᠨ ᠬᠦ᠌ ᠬᠠᠷᠢᠭᠤ ᠥᠭᠴᠦ ᠬᠦᠴᠦᠨ ᠪᠦᠬᠦᠢ ᠮᠡᠳᠡᠭᠡ ᠵᠠᠩᠭᠢ ᠵᠢ ᠬᠡᠯᠡᠵᠦ ᠭᠠᠷᠭ᠋ᠠᠵᠤ ᠴᠢᠳᠠᠭᠰᠠᠨ ᠦᠭᠡᠶ᠃ ᠠᠷᠠᠳ᠎ᠤᠨ ᠴᠠᠭᠳᠠᠭ᠎ᠠ ᠲᠡᠷᠭᠡ ᠵᠢᠯᠣᠭᠣᠳᠤᠨ ᠨᠠᠰᠤᠲᠠᠨ᠎ᠢ ᠳᠠᠭ᠋ᠠᠭᠤᠯᠤᠨ ᠵᠠᠮ᠎ᠤᠨ ᠬᠠᠵᠠᠭᠤ ᠵᠢᠨ ᠳᠡᠯᠭᠡᠭᠦᠷ ᠵᠶ᠋ᠠᠷ ᠰᠤᠷᠪᠤᠯᠵᠢᠯᠠᠭ᠋ᠠᠳ ᠦᠷ᠎ᠡ ᠳ᠋ᠦᠩ ᠭᠠᠷᠤᠭᠰᠠᠨ ᠦᠭᠡᠶ᠂ ᠨᠠᠰᠤᠲᠠᠨ᠎ᠤ ᠪᠡᠶ᠎ᠡ ᠵᠢᠨ ᠪᠠᠶ᠋ᠢᠳᠠᠯ᠎ᠢ ᠪᠣᠳᠣᠯᠬᠢᠯᠠᠭ᠋ᠠᠳ ᠴᠠᠭᠳᠠᠭ᠎ᠠ᠎ᠠᠴᠠ ᠨᠠᠰᠤᠲᠠᠨ᠎ᠢ ᠲᠣᠮᠢᠯᠠᠭᠰᠠᠨ ᠰᠠᠯᠪᠤᠷᠢ᠎ᠳᠤ ᠠᠪᠠᠴᠢᠪᠠ᠃ ᠠᠷᠠᠳ᠎ᠤᠨ ᠴᠠᠭᠳᠠᠭ᠎ᠠ ᠨᠢᠭᠡ ᠲᠠᠯ᠎ᠠ᠎ᠪᠠᠷ ᠨᠠᠰᠤᠲᠠᠨ᠎ᠳᠤ ᠢᠳᠡᠰᠢ ᠤᠤᠭᠤᠰᠢ ᠬᠠᠩᠭ᠋ᠠᠵᠤ᠂ ᠨᠥᠭᠥᠭᠡ ᠲᠠᠯ᠎ᠠ᠎ᠪᠠᠷ ᠨᠠᠰᠤᠲᠠᠨ᠎ᠤ ᠦᠨᠳᠦᠰᠦᠨ ᠪᠠᠶ᠋ᠢᠳᠠᠯ᠎ᠢ ᠬᠢᠨᠠᠨ ᠬᠠᠷᠭᠤᠭᠤᠯᠵᠠᠶ᠃ ᠴᠢᠷᠮᠠᠢ᠌ᠯᠭ᠎ᠠ ᠬᠥᠮᠦᠨ᠎ᠢ ᠭᠣᠮᠣᠳᠠᠭ᠋ᠠᠬᠤ ᠥᠬᠡᠶ᠂ ᠠᠷᠠᠳ᠎ᠤᠨ ᠴᠠᠭᠳᠠᠭ᠎ᠠ ᠵᠢᠨ ᠶᠡᠬᠡ ᠬᠡᠮᠵᠢᠶᠡᠨ᠎ᠤ ᠠᠵᠢᠯ ᠵᠶ᠋ᠠᠷ ᠳᠡᠮᠵᠢᠨ᠂ ᠡᠴᠦᠰ᠎ᠲᠤ᠎ᠪᠠᠨ ᠨᠠᠰᠤᠲᠠᠨ᠎ᠤ ᠥᠬᠢᠨ᠎ᠤ᠎ᠬᠢ ᠬᠠᠷᠢᠯᠴᠠᠬᠤ ᠠᠷᠭ᠎ᠠ ᠮᠠᠶᠢᠭ᠎ᠢ ᠣᠯᠤᠭᠰᠠᠨ ᠪᠥᠭᠡᠳ ᠨᠠᠰᠤᠲᠠᠨ᠎ᠤ ᠪᠠᠶ᠋ᠢᠳᠠᠯ᠎ᠢ ᠲᠡᠷᠡ ᠳᠠᠷᠤᠶᠳᠤᠨᠢ ᠬᠡᠯᠡᠵᠦ ᠥᠭᠭᠦᠭᠰᠡᠨ ᠪᠠᠶ᠋ᠢᠨ᠎ᠠ᠃ ᠣᠢ᠌ᠯᠭ᠋ᠠᠭᠰᠠᠨ ᠵᠶ᠋ᠠᠷ᠂ ᠨᠠᠰᠤᠲᠠᠨ ᠥᠲᠡᠭᠦᠰ᠎ᠤᠨ ᠮᠡᠨᠡᠭ ᠡᠪᠡᠳᠴᠢᠨ᠎ᠳᠤ ᠨᠡᠷᠪᠡᠭᠳᠡᠵᠦ᠂ ᠥᠨᠥᠳᠦᠷ ᠭᠠᠭᠴᠠᠭ᠋ᠠᠷ ᠵᠶ᠋ᠠᠨ ᠭᠠᠳᠠᠭᠰᠢ ᠭᠠᠷᠤᠭ᠋ᠠᠳ ᠣᠳᠣ ᠪᠣᠯᠲᠠᠯ᠎ᠠ ᠬᠠᠷᠢᠭᠰᠠᠨ ᠦᠭᠡᠶ᠂ ᠭᠡᠷ᠎ᠤᠨ ᠬᠥᠮᠦᠰ᠎ᠨᠢ ᠡᠷᠢᠭᠰᠡᠭᠡᠷ ᠪᠠᠶ᠋ᠢᠯ᠎ᠠ᠃ ᠠᠷᠠᠳ᠎ᠤᠨ ᠴᠠᠭᠳᠠᠭ᠎ᠠ᠎ᠠᠴᠠ ᠨᠠᠰᠤᠲᠠᠨ᠎ᠢ ᠭᠡᠷ᠎ᠲᠤ᠎ᠨᠢ ᠬᠥᠷᠥᠭᠡᠭᠰᠡᠨ ᠪᠦᠭᠡᠳ ᠨᠠᠰᠤᠲᠠᠨ᠎ᠢ ᠰᠠᠶ᠋ᠢᠲᠤᠷ ᠬᠠᠷᠠᠭ᠋ᠠᠯᠵᠠᠵᠤ᠂ ᠨᠠᠰᠤᠲᠠᠨ᠎ᠳᠤ ᠬᠡᠷ᠎ᠤᠨ ᠬᠥᠮᠦᠰ᠎ᠲᠠᠢ᠎ᠪᠠᠨ ᠬᠠᠷᠢᠯᠴᠠᠬᠤ ᠫᠠᠶ᠋ᠢᠰᠠ ᠵᠣᠬᠢᠶᠠᠵᠤ ᠬᠤᠪᠴᠠᠰᠤ ᠬᠤᠨᠠᠷᠲᠤᠨᠢ ᠣᠶᠣᠵᠤ ᠥᠭᠬᠦ ᠵᠢ ᠰᠠᠨᠠᠭᠤᠯᠵᠠᠢ᠂ ᠬᠡᠷ᠎ᠤᠨ ᠬᠥᠮᠦᠰ᠎ᠨᠢ ᠠᠷᠠᠳ᠎ᠤᠨ ᠴᠠᠭᠳᠠᠭ᠎ᠠ ᠵᠢᠨ ᠬᠠᠯᠠᠭᠤᠨ ᠰᠡᠳᠬᠢᠯ ᠵᠶ᠋ᠠᠷ ᠠᠪᠤᠷᠠᠨ ᠲᠤᠰᠠᠯᠠᠭᠰᠠᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃

ᠲᠢᠶᠧ ᠰᠢ ᠵᠢᠨ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠰᠠᠨᠠᠭᠤᠯᠤᠭᠰᠠᠨ᠎ᠨᠢ᠄ ᠬᠡᠷ ᠪᠦᠯᠢ᠎ᠳᠤ ᠴᠢᠨᠢ ᠬᠡᠷᠪᠡ ᠥᠲᠡᠭᠦᠰ᠎ᠤᠨ ᠮᠡᠨᠡᠭ ᠡᠪᠡᠳᠴᠢᠨ᠎ᠲᠠᠢ ᠨᠠᠰᠤᠲᠠᠨ ᠪᠠᠶ᠋ᠢᠪᠠᠯ᠂ ᠡᠳᠦᠷ ᠲᠤᠲᠤᠮ᠎ᠤᠨ ᠠᠮᠢᠳᠤᠷᠠᠯ᠎ᠤᠨ ᠳᠤᠮᠳᠠ᠎ᠪᠠᠨ ᠢᠯᠡᠭᠦᠬᠡᠨ ᠬᠠᠷᠠᠵᠤ ᠬᠠᠷᠠᠭ᠋ᠠᠯᠵᠠᠬᠤ ᠬᠡᠷᠡᠭᠲᠡᠶ᠃ ᠨᠠᠰᠤᠲᠠᠶ᠋ᠢᠴᠤᠳ᠎ᠲᠤ ᠬᠡᠷ ᠪᠦᠯᠢ ᠵᠢᠨ ᠬᠠᠶᠢᠭ᠂ ᠬᠡᠷ ᠪᠦᠯᠢ ᠵᠢᠨ ᠬᠠᠷᠢᠯᠴᠠᠬᠤ ᠤᠲᠠᠰᠤᠨ᠎ᠤ ᠺᠠᠷᠲ᠎ᠢ ᠪᠡᠶ᠎ᠡ᠎ᠳᠤ᠎ᠪᠠᠨ ᠠᠪᠤᠭᠤᠯᠵᠤ᠂ ᠨᠥᠬᠥᠴᠡᠯ᠎ᠲᠠᠢ᠎ᠨᠢ ᠨᠠᠰᠤᠲᠠᠶ᠋ᠢᠴᠤᠳ᠎ᠲᠤ ᠣᠷᠣᠨ ᠪᠠᠶ᠋ᠢᠷᠢ ᠲᠣᠭᠲᠠᠭ᠋ᠠᠬᠤ ᠴᠢᠳᠠᠮᠵᠢ᠎ᠲᠠᠢ ᠮᠡᠳᠡᠭᠡ ᠬᠣᠯᠪᠣᠭ᠋ᠠᠨ᠎ᠤ ᠲᠥᠬᠥᠭᠡᠷᠦᠮᠵᠢ ᠳᠣᠭᠢᠷᠠᠭᠤᠯᠤᠨ ᠥᠭᠴᠦ᠂ ᠨᠠᠰᠤᠲᠠᠶ᠋ᠢᠴᠤᠳ᠎ᠤᠨ ᠲᠥᠭᠡᠷᠢᠪᠡᠯ ᠬᠠᠮᠤᠭ᠎ᠤᠨ ᠲᠡᠷᠢᠭᠦᠨ᠎ᠳᠤ ᠪᠦᠲᠦᠮᠵᠢᠲᠡᠶ ᠲᠤᠰᠠᠯᠠᠮᠵᠢ ᠤᠯᠬᠤ᠎ᠳᠤ ᠲᠥᠬᠥᠮ ᠦᠵᠡᠭᠦᠯᠬᠦ ᠵᠢ ᠰᠠᠨᠠᠭᠤᠯᠵᠤ ᠪᠠᠶ᠋ᠢᠨ᠎ᠠ᠃