ᠤᠢ᠌ᠷ᠎ᠠ ᠵᠢᠨ ᠡᠳᠦᠷ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠪᠤᠳᠠᠳᠠᠢ᠌ᠵᠢᠭᠤᠯᠬᠤ᠂ ᠴᠠᠭᠳᠠᠭ᠎ᠠ ᠵᠢᠨ ᠪᠦᠯᠬᠦᠮᠳᠡᠯ᠎ᠢ ᠴᠢᠩᠭ᠋ᠠᠳᠬᠠᠬᠤ᠂ ᠤᠶᠤᠨ ᠰᠠᠨᠠᠭ᠋ᠠᠨ᠎ᠤ ᠬᠦᠴᠦᠨ᠎ᠢ ᠤᠯᠠᠮ ᠴᠢᠨᠠᠭᠰᠢᠳᠠ ᠨᠡᠮᠡᠷᠢᠯᠡᠬᠦ ᠵᠢᠨ ᠲᠥᠯᠥᠭᠡ᠂ ᠰᠢᠯᠢ ᠵᠢᠨ ᠭᠣᠤᠯ ᠠᠢ᠌ᠮᠠᠭ᠎ᠤᠨ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠤᠷᠠᠨ ᠰᠠᠶ᠋ᠢᠬᠠᠨ᠎ᠤ ᠲᠣᠬᠣᠨᠢᠭᠤᠯᠬᠤ ᠲᠣᠭᠯᠠᠯᠲᠠ ᠵᠢᠨ ᠠᠵᠢᠯᠯᠠᠭ᠎ᠠ ᠥᠷᠨᠢᠭᠦᠯᠪᠡ᠃
ᠲᠣᠭᠯᠠᠯᠲᠠ᠎ᠨᠢ 《ᠪᠠᠶᠠᠨᠳᠡᠯᠭᠡᠷ》᠎ᠤᠨ ᠳᠤᠮᠳᠠ ᠬᠥᠰᠢᠭᠡ᠎ᠪᠠᠨ ᠰᠡᠬᠦᠨ᠂ ᠳᠠᠭᠤᠤ 《ᠨᠠᠶ᠋ᠢᠵᠠ》᠎ᠨᠢ ᠲᠤᠬᠠᠶ ᠵᠢᠨ ᠲᠠᠯᠠᠪᠤᠷ᠎ᠤᠨ ᠠᠭᠤᠷ ᠠᠮᠢᠰᠬᠤᠯ᠎ᠢ ᠣᠷᠭᠢᠯ᠎ᠳᠤᠨᠢ ᠬᠦᠷᠭᠡᠵᠦ᠂ ᠭᠣᠶ᠋ᠢᠳᠠ ᠰᠠᠶ᠋ᠢᠬᠠᠨ ᠲᠣᠭᠯᠠᠯᠲᠠ ᠠᠯᠬᠤᠮ ᠳᠠᠷᠠᠭ᠎ᠠ᠎ᠲᠠᠢ ᠶᠠᠪᠤᠭᠳᠠᠨ᠂ ᠲᠤᠬᠠᠶ ᠵᠢᠨ ᠲᠠᠯᠠᠪᠤᠷ᠎ᠲᠤ ᠨᠢᠵᠢᠭᠢᠨᠡᠲᠡᠯ᠎ᠡ ᠠᠯᠠᠭ᠎ᠠ ᠲᠡᠰᠢᠵᠦ᠂ ᠪᠠᠶᠠᠷ ᠪᠠᠶᠠᠰᠬᠤᠯᠠᠩ ᠵᠶ᠋ᠠᠷ ᠪᠢᠯᠬᠠᠪᠠ᠃ ᠳᠠᠭᠤᠤ ᠪᠥᠵᠢᠭ᠎ᠤᠨ ᠳᠠᠭᠤᠨ ᠵᠶ᠋ᠠᠷ ᠬᠠᠶ᠋ᠢᠷ᠎ᠠ ᠰᠡᠳᠬᠢᠯᠭᠡ ᠵᠢ ᠳᠠᠮᠵᠢᠭᠤᠯᠵᠤ᠂ ᠴᠠᠭᠳᠠᠭ᠎ᠠ ᠵᠢ ᠬᠠᠯᠠᠮᠵᠢᠯᠠᠨ᠂ ᠴᠠᠭᠳᠠᠭ᠎ᠠ ᠵᠢ ᠬᠠᠶ᠋ᠢᠷᠠᠯᠠᠨ ᠰᠡᠳᠬᠢᠯ᠎ᠢ ᠨᠢᠭᠳᠠᠷᠠᠭᠤᠯᠪᠠ᠃
ᠲᠣᠬᠣᠨᠢᠭᠤᠯᠬᠤ ᠲᠣᠭᠯᠠᠯᠲᠠ ᠵᠢᠨ ᠠᠵᠢᠯᠯᠠᠭ᠎ᠠ᠎ᠪᠠᠷ ᠳᠠᠮᠵᠢᠭᠤᠯᠤᠨ᠂ ᠤᠯᠠᠨ ᠶᠠᠩᠵᠤ ᠵᠢᠨ᠂ ᠭᠣᠶ᠋ᠢᠳᠠ ᠰᠠᠶ᠋ᠢᠬᠠᠨ ᠲᠣᠭᠯᠠᠯᠲᠠ ᠵᠢ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠳᠡᠷᠭᠡᠳᠡ ᠬᠦᠷᠭᠡᠵᠦ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠵᠣᠬᠢᠶᠠᠨ ᠪᠠᠶ᠋ᠢᠭᠤᠯᠤᠯᠲᠠ ᠵᠢᠨ ᠭᠦᠨ ᠵᠤᠵᠠᠭ᠋ᠠᠨ ᠬᠠᠯᠠᠮᠵᠢᠯᠠᠯ᠎ᠢ ᠭᠦᠨᠵᠡᠭᠡᠢ ᠳᠠᠮᠵᠢᠭᠤᠯᠤᠨ᠂ ᠴᠤᠭ ᠰᠦᠯᠳᠡ ᠵᠢ᠎ᠨᠢ ᠤᠯᠠᠮ ᠨᠢᠭᠡ ᠠᠯᠬᠤᠮ ᠪᠠᠳᠠᠷᠠᠭᠤᠯᠵᠤ᠂ ᠡᠷᠴᠢ ᠵᠣᠷᠢᠭ᠎ᠢ᠎ᠨᠢ ᠤᠯᠠᠮ ᠬᠥᠪᠴᠢᠯᠡᠨ᠂ ᠨᠡᠩ ᠡᠷᠡᠮᠡᠬᠡᠶ᠋ᠢᠯᠡᠨ ᠤᠷᠤᠭᠰᠢᠯᠠᠬᠤ ᠵᠣᠷᠢᠭ ᠰᠠᠨᠠᠭ᠎ᠠ᠂ ᠨᠡᠩ ᠴᠤᠭ ᠪᠠᠳᠠᠷᠠᠩᠭᠤᠢ ᠲᠡᠮᠡᠴᠡᠯ᠎ᠤᠨ ᠵᠣᠷᠢᠭ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠰᠢᠨ᠎ᠡ ᠴᠠᠭ ᠦᠶ᠎ᠡ ᠵᠢᠨ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠂ ᠠᠷᠠᠳ ᠲᠦᠮᠡᠨ᠎ᠤ ᠠᠮᠤᠷ ᠲᠣᠭᠲᠠᠭᠤᠨ᠂ ᠨᠡᠶ᠋ᠢᠭᠡᠮ᠎ᠤᠨ ᠠᠮᠤᠷ ᠲᠣᠭᠲᠠᠭᠤᠨ᠎ᠳᠤ ᠬᠦᠴᠦᠨ ᠴᠢᠳᠠᠯ ᠵᠶ᠋ᠠᠨ ᠡᠷᠭᠦᠬᠦ ᠵᠢ ᠤᠷᠮᠠᠰᠢᠭᠤᠯᠪᠠ᠃ (ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠡᠰᠢᠭ ᠮᠡᠳᠡᠭᠡᠯᠡᠪᠡ)