11 ᠰᠠᠷ᠎ᠠ ᠵᠢᠨ 19᠎ᠤ ᠡᠳᠦᠷ᠂ ᠪᠠᠶᠠᠨᠨᠠᠭᠤᠷ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠠᠭᠳᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠢᠳᠡ ᠬᠦᠴᠦᠲᠠᠢ ᠴᠠᠭᠳᠠᠭ᠋ᠠᠨ᠎ᠤ ᠳᠠᠭᠤᠨ᠎ᠤ ᠳᠤᠮᠳᠠ ᠲᠡᠭᠦᠰ ᠠᠮᠵᠢᠯᠲᠠ᠎ᠲᠠᠢ ᠥᠨᠳᠥᠷᠯᠡᠪᠡ᠃ ᠲᠣᠰ ᠤᠳᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠶ᠋ᠢᠭᠤᠯᠭ᠎ᠠ ᠵᠢᠴᠢ ᠬᠤᠶᠠᠳᠤᠭ᠋ᠠᠷ ᠳᠡᠰ᠎ᠤᠨ ᠨᠢᠭᠡᠴᠢ᠂ ᠡᠯ᠎ᠡ ᠬᠤᠰᠢᠭᠤ ᠰᠢᠶᠠᠨ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠡᠷᠭᠡ ᠪᠥᠬᠦ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 9 ᠲᠥᠯᠥᠭᠡᠯᠡᠭᠴᠢᠳ᠎ᠤᠨ ᠠᠩᠭᠢ ᠵᠢᠨ 200 ᠭᠠᠷᠤᠶ ᠲᠠᠮᠢᠷᠴᠢᠨ ᠢᠳᠡᠪᠬᠢᠲᠡᠶ ᠣᠷᠣᠯᠴᠠᠵᠤ᠂ ᠤᠷᠤᠯᠳᠤᠭ᠋ᠠᠨ᠎ᠳᠤ ᠣᠷᠣᠯᠴᠠᠭᠰᠠᠨ ᠬᠥᠮᠦᠨ᠎ᠤ ᠲᠤᠭ᠎ᠠ᠎ᠨᠢ ᠥᠩᠭᠡᠷᠡᠭᠰᠡᠨ ᠵᠢᠯ᠎ᠤᠳ᠎ᠲᠠᠢ ᠠᠳᠠᠯᠢᠳᠬᠠᠪᠠᠯ ᠬᠠᠮᠤᠭ ᠬᠠᠮᠤᠭ ᠠᠷᠪᠢᠨ ᠪᠠᠢ᠌ᠪᠠ᠃ ᠲᠤᠰ ᠤᠳᠠᠭ᠋ᠠᠨ᠎ᠤ ᠤᠷᠤᠯᠳᠤᠭ᠋ᠠᠨ᠎ᠳᠤ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠣᠯᠠᠨ ᠲᠠᠮᠢᠷᠴᠢᠨ᠎ᠢ ᠰᠣᠩᠭᠤᠨ ᠰᠠᠯᠪᠤᠷᠢ ᠠᠩᠭᠢ ᠵᠢ ᠲᠦᠯᠦᠭᠡᠯᠠᠨ ᠤᠷᠤᠯᠳᠤᠭ᠋ᠠᠨ᠎ᠳᠤ ᠣᠷᠣᠯᠴᠠᠭᠤᠯᠵᠤ᠂ ᠪᠠᠴᠢᠮ ᠶᠠᠭ᠋ᠠᠷᠠᠯᠲᠠᠶ᠂ ᠬᠤᠷᠴᠠ ᠰᠢᠷᠦᠭᠦᠨ ᠤᠷᠤᠯᠳᠤᠭ᠋ᠠᠨ᠎ᠤ ᠲᠠᠯᠠᠪᠤᠷ᠎ᠤᠨ ᠥᠷᠢᠰᠥᠯᠳᠦᠭᠡᠨ ᠵᠶ᠋ᠠᠷ ᠳᠡᠮᠵᠢᠨ᠂ ᠤᠷᠤᠯᠳᠤᠭ᠋ᠠᠨ᠎ᠳᠤ ᠣᠷᠣᠯᠴᠠᠭᠰᠠᠳ ᠬᠦᠴᠦᠷᠬᠡᠭ᠎ᠠᠴᠠ ᠠᠶᠤᠬᠤ ᠥᠬᠡᠶ᠂ ᠡᠷᠡᠯᠬᠡᠭᠯᠡᠨ ᠲᠡᠮᠡᠴᠡᠵᠦ᠂ ᠥᠪᠡᠷ ᠥᠪᠡᠷ᠎ᠤᠨ ᠴᠤᠭ ᠵᠢᠪᠬᠤᠭ᠎ᠠ᠎ᠪᠠᠨ ᠪᠠᠳᠠᠷᠠᠭᠤᠯᠤᠨ᠂ ᠤᠳᠠᠭ᠎ᠠ ᠳᠠᠷᠠᠭ᠋ᠠᠯᠠᠨ ᠰᠢᠯᠢᠳᠡᠭ ᠠᠮᠵᠢᠯᠲᠠ ᠡᠭᠦᠳᠪᠡ᠃
ᠤᠷᠤᠯᠳᠤᠭ᠋ᠠᠨ᠎ᠳᠤ᠂ ᠪᠠᠶᠠᠨᠨᠠᠭᠤᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠲᠥᠯᠥᠭᠡᠯᠡᠭᠴᠢᠳ᠎ᠤᠨ ᠠᠩᠭᠢ ᠥᠲᠥᠨ ᠪᠥᠮᠪᠥᠭᠡ ᠵᠢᠨ ᠡᠷᠡᠭᠲᠡᠢ ᠵᠢᠨ ᠬᠣᠣᠰᠯᠠᠯ᠂ ᠡᠮᠡᠭᠲᠡᠢ ᠵᠢᠨ ᠬᠣᠣᠰᠯᠠᠯ᠂ ᠡᠷᠡᠭᠲᠡᠢ ᠡᠮᠡᠭᠲᠡᠢ ᠵᠢᠨ ᠬᠣᠣᠰᠯᠠᠯ ᠵᠢᠴᠢ ᠰᠠᠭᠰᠤᠨ ᠪᠥᠮᠪᠥᠭᠡ᠂ ᠠᠯᠠᠭ᠋ᠠᠳᠠᠬᠤ ᠪᠥᠮᠪᠥᠭᠡ ᠵᠢᠨ ᠤᠷᠤᠯᠳᠤᠭ᠋ᠠᠨ᠎ᠤ ᠮᠠᠩᠯᠠᠢ᠎ᠳᠤᠨᠢ ᠲᠣᠳᠣᠷᠠᠵᠤ᠂ ᠶᠡᠷᠦᠩᠬᠡᠢ ᠬᠢᠷᠢ ᠪᠦᠲᠦᠮᠵᠢ᠎ᠪᠠᠷ ᠬᠣᠶᠠᠳᠤᠭ᠋ᠠᠷ᠎ᠲᠤ ᠵᠢᠭᠰᠠᠭ᠋ᠠᠭᠳᠠᠪᠠ᠃ ᠤᠷᠤᠯᠳᠤᠭ᠋ᠠᠨ᠎ᠤ ᠳᠠᠷᠠᠭ᠎ᠠ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠨᠠᠮ᠎ᠤᠨ ᠬᠤᠷᠢᠶᠠᠨ᠎ᠤ ᠱᠦᠵᠢ᠂ ᠰᠠᠯᠪᠤᠷᠢ ᠠᠩᠭᠢ ᠵᠢᠨ ᠳᠠᠷᠤᠭ᠎ᠠ ᠠᠰᠬ᠎ᠠ ᠤᠷᠤᠯᠳᠤᠭ᠋ᠠᠨ᠎ᠳᠤ ᠣᠷᠣᠯᠴᠠᠭᠰᠠᠳ᠎ᠲᠤ ᠪᠠᠶᠠᠷ ᠬᠦᠷᠭᠡᠬᠦ ᠵᠢᠨ ᠬᠠᠮᠲᠤ᠄ 《ᠤᠷᠤᠯᠳᠤᠭ᠋ᠠᠨ᠎ᠳᠤ ᠣᠷᠣᠯᠴᠠᠭᠰᠠᠳ᠎ᠤᠨ ᠡᠨᠡ ᠬᠡᠳᠦᠨ ᠡᠳᠦᠷ᠎ᠤᠨ ᠰᠢᠷᠭ᠋ᠠᠭᠤ ᠴᠢᠷᠮᠠᠶ᠋ᠢᠯᠭ᠎ᠠ᠎ᠳᠤ ᠲᠠᠯᠠᠷᠬᠠᠵᠤ ᠪᠠᠶ᠋ᠢᠨ᠎ᠠ᠂ ᠲᠠ ᠨᠠᠷ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠢᠰᠲ᠋ᠧᠮ᠎ᠤᠨ ᠡᠭᠦᠷᠢᠳᠡ ᠬᠠᠶᠠᠬᠤ ᠦᠭᠡᠢ ᠵᠣᠷᠢᠭ ᠰᠠᠨᠠᠭ᠎ᠠ ᠪᠣᠯᠤᠨ ᠵᠣᠷᠢᠭᠲᠠᠶ᠎ᠪᠠᠷ ᠲᠡᠮᠡᠴᠡᠬᠦ ᠰᠠᠶ᠋ᠢᠨ ᠰᠠᠶ᠋ᠢᠬᠠᠨ ᠰᠤᠷᠲᠠᠯ᠎ᠢ ᠪᠠᠳᠠᠷᠠᠭᠣᠯᠣᠭᠰᠠᠨ ᠪᠠᠢ᠌ᠨ᠎ᠠ! ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠡᠯ᠎ᠡ ᠵᠦᠢ᠍ᠯ᠎ᠤᠨ ᠠᠵᠢᠯ᠎ᠨᠢ ᠲᠤᠰ ᠤᠳᠠᠭ᠋ᠠᠨ᠎ᠤ ᠴᠠᠭᠳᠠᠭ᠋ᠠᠨ᠎ᠤ ᠲᠠᠮᠢᠷ᠎ᠤᠨ ᠴᠤᠭᠯᠠᠭ᠋ᠠᠨ᠎ᠲᠠᠢ ᠠᠳᠠᠯᠢ᠎ᠪᠠᠷ ᠦᠷᠬᠦᠯᠵᠢᠯᠠᠨ ᠵᠣᠷᠢᠭᠳᠠᠢ ᠴᠢᠷᠮᠠᠢ᠌ᠵᠦ᠂ ᠰᠢᠯᠢᠳᠡᠭ ᠠᠮᠵᠢᠯᠲᠠ ᠣᠯᠬᠤ᠎ᠪᠠᠷ ᠡᠷᠡᠮᠡᠬᠡᠢ᠌ᠯᠡᠨ ᠲᠡᠮᠡᠴᠡᠬᠦ ᠬᠡᠷᠡᠭᠲᠡᠢ》 ᠭᠡᠵᠦ ᠴᠢᠬᠤᠯᠠᠴᠢᠯᠠᠪᠠ᠃