ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠬᠦ᠂ 《ᠨᠠᠮ᠎ᠤᠨ ᠪᠠᠶ᠋ᠢᠭᠤᠯᠤᠯᠲᠠ ᠵᠢ ᠠᠳᠬᠤᠬᠤ᠂ ᠰᠤᠷᠲᠠᠯ᠎ᠢ ᠴᠡᠭᠴᠡᠯᠡᠬᠦ᠂ ᠬᠡᠪ ᠴᠢᠨᠠᠷ᠎ᠢ ᠴᠢᠩᠭ᠋ᠠᠳᠬᠠᠬᠤ᠂ ᠲᠦᠷᠢ ᠲᠥᠷᠬᠦ ᠵᠢ ᠪᠤᠢ ᠪᠣᠯᠭ᠋ᠠᠬᠤ》 ᠲᠤᠰᠬᠠᠢ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢᠨ ᠲᠥᠯᠥᠭᠡ᠂ 5 ᠰᠠᠷ᠎ᠠ ᠵᠢᠨ 15᠎ᠤ ᠡᠳᠦᠷ᠂ ᠦᠬᠠᠶ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠤᠷᠢᠶ᠎ᠠ
《ᠴᠠᠭᠳᠠᠭ᠎ᠠ ᠨᠠᠮ ᠵᠶ᠋ᠠᠨ ᠳᠠᠭ᠋ᠠᠵᠤ ᠤᠯᠤᠰ ᠵᠶ᠋ᠠᠨ ᠬᠦᠴᠦᠷᠬᠡᠭᠵᠢᠭᠦᠯᠬᠦ᠎ᠳᠤ ᠬᠦᠴᠦᠨ ᠵᠶ᠋ᠡᠨ ᠡᠷᠭᠦᠰᠦᠭᠡᠢ》 ᠭᠡᠬᠦ ᠭᠣᠣᠯ ᠰᠡᠳᠦᠪᠲᠦ ᠵᠣᠬᠢᠶᠠᠯ ᠡᠯᠰᠡᠬᠦ ᠤᠷᠤᠯᠳᠤᠭ᠋ᠠᠨ᠎ᠢ ᠨᠠᠷᠢᠨ ᠨᠢᠮᠪᠠᠢ ᠵᠣᠬᠢᠶᠠᠨ ᠪᠠᠶ᠋ᠢᠭᠤᠯᠵᠤ ᠥᠷᠨᠢᠭᠦᠯᠵᠡᠢ᠃ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠬᠣᠯᠪᠣᠭᠳᠠᠯ ᠪᠦᠬᠦᠢ ᠤᠳᠤᠷᠢᠳᠤᠯᠭ᠎ᠠ ᠠᠵᠢᠯᠯᠠᠭ᠎ᠠ᠎ᠳᠤ ᠣᠷᠣᠯᠴᠠᠵᠤ᠂ ᠬᠣᠲᠠ ᠵᠢᠨ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ᠂ ᠬᠣᠲᠠ ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠣᠷᠢᠶ᠎ᠠ᠂ ᠬᠣᠲᠠ ᠵᠢᠨ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠡᠷᠭᠡ ᠬᠣᠯᠪᠣᠭᠳᠠᠯ ᠪᠦᠬᠦᠢ ᠨᠢᠭᠡᠴᠢ ᠵᠢᠨ ᠤᠳᠤᠷᠢᠳᠤᠯᠭ᠎ᠠ ᠲᠤᠬᠠᠶ ᠵᠢᠨ ᠲᠠᠯᠠᠪᠤᠷ᠎ᠲᠤ ᠵᠢᠭ᠋ᠠᠨ ᠵᠢᠯᠣᠭᠣᠳᠴᠤ᠂ ᠪᠦᠬᠦ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ᠂ ᠨᠠᠮ᠎ᠤᠨ ᠠᠵᠢᠯ᠎ᠤᠨ ᠠᠵᠢᠯᠲᠠᠨ᠂ ᠨᠠᠮ᠎ᠤᠨ ᠭᠡᠰᠢᠭᠦᠨ᠎ᠤ ᠲᠥᠯᠥᠭᠡᠯᠡᠭᠴᠢ ᠵᠡᠷᠭᠡ 160 ᠭᠠᠷᠤᠶ ᠬᠥᠮᠦᠨ ᠠᠵᠢᠯᠯᠠᠭ᠎ᠠ᠎ᠳᠤ ᠣᠷᠣᠯᠴᠠᠵᠠᠶ᠃

ᠲᠤᠰ ᠤᠳᠠᠭ᠋ᠠᠨ᠎ᠤ ᠤᠷᠤᠯᠳᠤᠭ᠋ᠠᠨ᠎ᠤ ᠡᠷᠬᠡ ᠲᠡᠭᠰᠢ ᠲᠥᠪ ᠭᠣᠣᠯᠴᠢ ᠢᠯᠡ ᠲᠣᠳᠣ ᠪᠠᠶ᠋ᠢᠬᠤ ᠵᠠᠷᠴᠢᠮ᠎ᠢ ᠬᠠᠷᠠᠭᠤᠯᠬᠤ ᠵᠢᠨ ᠲᠥᠯᠥᠭᠡ᠂ ᠬᠣᠲᠠ ᠵᠢᠨ ᠲᠣᠪᠴᠢᠶ᠎ᠠ ᠵᠢᠨ ᠨᠠᠮ᠎ᠤᠨ ᠬᠣᠷᠢᠶ᠎ᠠ ᠲᠤᠰᠬᠠᠶ ᠮᠡᠷᠭᠡᠵᠢᠯ᠎ᠤᠨ ᠦᠨᠡᠯᠡᠨ ᠬᠢᠨᠠᠬᠤ ᠪᠦᠯᠬᠦᠮ ᠪᠠᠶ᠋ᠢᠭᠤᠯᠵᠤ᠂ ᠥᠪᠥᠷ ᠮᠣᠩᠭᠣᠯ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠦᠬᠠᠶ ᠵᠢᠨ ᠬᠤᠪᠢᠶᠠᠷᠢ ᠬᠦᠷᠢᠶᠡᠯᠡᠩ᠎ᠤᠨ ᠳᠠᠷᠤᠭ᠎ᠠ ᠵᠢᠶᠠ ᠫᠢᠩ᠂ ᠬᠣᠲᠠ ᠵᠢᠨ ᠨᠠᠮ᠎ᠤᠨ ᠬᠣᠷᠢᠶ᠎ᠠ ᠵᠢᠨ ᠯᠧᠺᠲ᠋ᠣᠷ᠎ᠤᠨ ᠪᠦᠯᠬᠦᠮ᠎ᠤᠨ ᠳᠠᠷᠤᠭ᠎ᠠ ᠰᠥᠩ ᠶᠤᠸᠠᠢ ᠵᠢ ᠦᠨᠡᠯᠡᠨ ᠬᠢᠨᠠᠬᠤ ᠪᠦᠯᠬᠦᠮ᠎ᠤᠨ ᠳᠠᠷᠤᠭ᠎ᠠ᠂ ᠳᠡᠳ᠋ ᠳᠤᠭᠤᠶ᠋ᠢᠯᠠᠩ᠎ᠤᠨ ᠳᠠᠷᠤᠭ᠎ᠠ᠂ ᠬᠣᠲᠠ ᠵᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ᠂ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠵᠥᠪᠯᠡᠯ ᠵᠢᠴᠢ ᠬᠣᠲᠠ ᠵᠢᠨ ᠲᠣᠪᠴᠢᠶ᠎ᠠ ᠵᠢᠨ ᠬᠢᠨᠠᠨ ᠪᠠᠢ᠌ᠴᠠᠭ᠋ᠠᠬᠤ ᠬᠢᠨᠠᠨ ᠪᠣᠳᠣᠬᠤ ᠵᠠᠬᠢᠳᠠᠯ ᠰᠤᠷᠪᠤᠯᠵᠢᠯᠠᠯ᠎ᠤᠨ ᠰᠠᠯᠪᠤᠷᠢ ᠠᠩᠭᠢ᠂ ᠤᠯᠤᠰ ᠲᠥᠷᠥ ᠵᠢᠨ ᠬᠡᠯᠲᠡᠰ᠎ᠤᠨ ᠰᠣᠨᠢᠨ ᠮᠡᠳᠡᠭᠡᠨ᠎ᠤ ᠤᠬᠠᠭᠤᠯᠬᠤ ᠰᠠᠯᠠᠭ᠎ᠠ ᠵᠢᠨ ᠬᠠᠮᠢᠶ᠎ᠠ ᠪᠥᠬᠥᠶ ᠬᠥᠮᠦᠰ᠎ᠢ ᠦᠨᠡᠯᠡᠨ ᠬᠢᠨᠠᠬᠤ ᠪᠦᠯᠬᠦᠮ᠎ᠤᠨ ᠪᠦᠷᠢᠯᠳᠦᠬᠦᠨ ᠵᠶ᠋ᠠᠷ ᠣᠨᠴᠠᠭ᠋ᠠᠶ᠋ᠢᠯᠠᠨ ᠤᠷᠢᠪᠠ᠃

ᠡᠮᠦᠨ᠎ᠡ ᠬᠤᠭᠤᠴᠠᠭ᠋ᠠᠨ᠎ᠤ ᠪᠠᠴᠢᠮ ᠶᠠᠭ᠋ᠠᠷᠠᠯᠲᠠᠶ ᠨᠡᠷ᠎ᠡ ᠮᠡᠳᠡᠭᠦᠯᠬᠦ ᠪᠠ ᠠᠩᠬᠠᠨ᠎ᠤ ᠬᠢᠨᠠᠯᠲᠠ ᠵᠢᠨ ᠭᠣᠭᠴᠣᠭ᠎ᠠ᠎ᠪᠠᠷ ᠳᠡᠮᠵᠢᠨ᠂ ᠨᠡᠶ᠋ᠢᠲᠡ 12 ᠤᠷᠤᠯᠳᠤᠭ᠋ᠠᠨ᠎ᠳᠤ ᠣᠷᠣᠯᠴᠠᠭᠰᠠᠨ ᠲᠠᠮᠢᠷᠴᠢᠨ ᠴᠣᠯᠭᠣᠷᠠᠨ ᠭᠠᠷᠴᠤ᠂ ᠲᠤᠬᠠᠶ ᠵᠢᠨ ᠲᠠᠯᠠᠪᠤᠷ᠎ᠤᠨ ᠤᠷᠤᠯᠳᠤᠭ᠋ᠠᠨ᠎ᠤ ᠱᠠᠲᠤᠨ᠎ᠳᠤ ᠤᠷᠤᠭᠰᠠᠨ ᠪᠠᠶ᠋ᠢᠨ᠎ᠠ᠃ ᠶᠠᠷᠢᠶ᠎ᠠ ᠢᠯᠡᠳᠬᠡᠯ᠎ᠤᠨ ᠤᠷᠤᠯᠳᠤᠭ᠋ᠠᠨ ᠭᠣᠶ᠋ᠢᠳᠠ ᠰᠠᠶ᠋ᠢᠬᠠᠨ ᠶᠠᠪᠤᠭᠳᠠᠵᠤ᠂ ᠲᠠᠮᠢᠷᠴᠢᠳ ᠶᠠᠷᠢᠶᠠᠨ᠎ᠤ ᠭᠣᠣᠯ ᠰᠡᠳᠦᠪ᠎ᠤᠨ ᠲᠣᠭᠣᠷᠢᠨ᠎ᠳᠤ᠂ ᠨᠠᠮ᠎ᠤᠨ ᠭᠡᠷᠡᠯ ᠰᠠᠴᠤᠷᠠᠩᠭᠤᠶ ᠲᠡᠦᠬᠡᠨ ᠶᠠᠪᠤᠴᠠ ᠵᠢ ᠡᠷᠭᠢᠴᠡᠭᠦᠯᠵᠦ᠂ ᠨᠠᠮ᠎ᠤᠨ ᠠᠭᠤᠤ ᠶᠡᠬᠡ ᠠᠮᠵᠢᠯᠲᠠ ᠵᠢ ᠮᠠᠭᠲᠠᠨ ᠳᠠᠭᠤᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠴᠠᠭᠳᠠᠭ᠎ᠠ ᠵᠢᠨ ᠠᠵᠢᠯ᠂ ᠳᠡᠷᠭᠡᠳᠡᠬᠢ ᠦᠯᠢᠭᠡᠷ ᠳᠠᠭᠤᠷᠢᠶᠠᠯ ᠵᠡᠷᠭᠡ ᠠᠭᠤᠯᠭ᠎ᠠ ᠵᠢᠨ ᠲᠣᠭᠣᠷᠢᠨ᠎ᠳᠤ᠂ ᠤᠷᠮ᠎ᠠ ᠵᠣᠷᠢᠭ ᠪᠠᠳᠠᠷᠠᠩᠭᠤᠶ᠎ᠪᠠᠷ᠂ ᠭᠦᠨ ᠰᠡᠳᠬᠢᠯᠭᠡ᠎ᠲᠠᠢ᠎ᠪᠠᠷ ᠶᠠᠷᠢᠵᠤ᠂ ᠠᠮᠢᠳᠤ ᠴᠣᠪᠣᠭᠣᠯᠢᠭ ᠵᠢᠱ᠌ᠢᠶᠡᠨᠦᠭᠦᠳ᠂ ᠴᠢᠩ ᠦᠨᠡᠨᠴᠢ ᠰᠡᠳᠬᠢᠯ ᠵᠶ᠋ᠠᠷ ᠵᠶ᠋ᠠᠨ᠂ ᠴᠢᠩᠭ᠎ᠠ ᠬᠠᠲᠠᠭᠤ ᠲᠠᠩᠭ᠋ᠠᠷᠢᠭ ᠵᠶ᠋ᠠᠷ ᠵᠶ᠋ᠠᠨ ᠬᠥᠮᠦᠰ᠎ᠤᠨ ᠰᠡᠳᠬᠢᠯ᠎ᠢ ᠳᠣᠭᠳᠣᠯᠤᠭᠤᠯᠤᠮ᠎ᠠ ᠠᠮᠢᠳᠤᠯᠢᠭ ᠰᠠᠶ᠋ᠢᠬᠠᠨ ᠦᠢ᠍ᠯᠡ ᠠᠵᠢᠯᠯᠠᠭ᠎ᠠ᠎ᠨᠤᠭᠤᠳ᠎ᠢ ᠳᠡᠯᠭᠡᠨ ᠦᠵᠡᠭᠦᠯᠦᠨ᠂ ᠴᠠᠭᠳᠠᠭ᠎ᠠ ᠨᠠᠮ ᠵᠶ᠋ᠠᠨ ᠳᠠᠭ᠋ᠠᠬᠤ ᠡᠷᠡᠰ ᠪᠠᠷᠢᠮᠲᠠᠯᠠᠬᠤ ᠢᠲᠡᠭᠡᠯ ᠪᠢᠰᠢᠷᠡᠯ ᠪᠠ ᠤᠯᠤᠰ ᠵᠶ᠋ᠠᠨ ᠬᠦᠴᠦᠷᠬᠡᠭᠵᠢᠭᠦᠯᠬᠦ᠎ᠳᠤ ᠬᠦᠴᠦ᠎ᠪᠠᠨ ᠡᠷᠭᠦᠬᠦ ᠵᠣᠷᠢᠭ ᠵᠶ᠋ᠠᠨ ᠢᠯᠡᠳᠬᠡᠵᠦ᠂ ᠦᠬᠠᠢ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠂ ᠠᠷᠠᠳ ᠤᠯᠠᠨ᠎ᠳᠤ ᠦᠢ᠍ᠯᠡᠴᠢᠯᠡᠬᠦ ᠳᠤᠮᠳᠠ ᠦᠨᠡᠨᠴᠢ ᠰᠢᠳᠤᠷᠭᠤ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠦᠯᠡᠨ ᠴᠢᠷᠮᠠᠶ᠋ᠢᠵᠤ ᠥᠭᠡᠳᠡᠯᠡᠨ ᠲᠠᠪᠰᠢᠬᠤ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠣᠯᠤᠨ ᠰᠡᠳᠬᠢᠯ ᠬᠥᠳᠡᠯᠭᠡᠮ᠎ᠡ ᠦᠯᠢᠭᠡᠷ᠎ᠢ ᠳᠡᠯᠭᠡᠨ ᠦᠵᠡᠭᠦᠯᠵᠡᠢ᠃ ᠦᠬᠠᠢ ᠵᠢᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠠᠴᠠ ᠢᠷᠡᠭᠰᠡᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠤᠬᠠᠢ ᠵᠢᠨ ᠲᠠᠯᠠᠪᠠᠢ ᠵᠢᠨ ᠳᠠᠢ᠍ᠢ᠍ᠴᠢᠨ ᠨᠥᠬᠥᠳ᠎ᠲᠤ᠎ᠪᠠᠨ ᠲᠣᠭᠯᠠᠯᠲᠠ ᠵᠢᠨ ᠲᠠᠯᠠᠪᠠᠢ ᠵᠢᠨ ᠭᠣᠶ᠋ᠢᠳᠠ ᠰᠠᠶ᠋ᠢᠬᠠᠨ ᠲᠣᠭᠯᠠᠯᠲᠠ ᠵᠢ ᠠᠪᠴᠢᠷᠠᠭᠰᠠᠨ ᠪᠠᠶ᠋ᠢᠨ᠎ᠠ᠃
ᠳᠠᠷᠠᠭ᠋ᠠᠴᠢ ᠵᠢᠨ ᠠᠯᠬᠤᠮ᠎ᠳᠤ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠨᠠᠮ᠎ᠤᠨ ᠪᠠᠶ᠋ᠢᠭᠤᠯᠤᠯᠲᠠ ᠵᠢ ᠠᠳᠬᠤᠬᠤ》 ᠲᠤᠰᠬᠠᠢ ᠠᠵᠢᠯ᠎ᠤᠨ ᠠᠵᠢᠯᠯᠠᠭ᠎ᠠ ᠵᠢᠨ ᠬᠡᠯᠪᠡᠷᠢ ᠵᠢ ᠴᠢᠨᠠᠭᠰᠢᠳᠠ ᠪᠠᠶᠠᠯᠢᠭᠵᠢᠭᠤᠯᠵᠤ᠂ ᠨᠠᠮ᠎ᠳᠤ᠎ᠪᠠᠨ ᠦᠨᠡᠨᠴᠢ ᠰᠢᠳᠤᠷᠭᠤ ᠪᠠᠶ᠋ᠢᠬᠤ ᠤᠯᠤᠰ ᠲᠦᠷᠦ ᠵᠢᠨ ᠬᠡᠪ ᠰᠤᠷᠲᠠᠯ᠎ᠢ ᠪᠠᠲᠤᠳᠬᠠᠬᠤ᠎ᠪᠠᠷ ᠬᠠᠷᠠᠯᠲᠠ ᠪᠣᠯᠭ᠋ᠠᠨ᠂ ᠵᠠᠯᠠᠭᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠦᠢ᠍ᠯᠡᠰ ᠪᠤᠰᠬᠠᠬᠤ ᠲᠡᠮᠡᠴᠡᠯ᠎ᠤᠨ ᠵᠣᠷᠢᠭ ᠪᠣᠯᠤᠨ ᠬᠠᠯᠠᠭᠤᠨ ᠰᠡᠳᠬᠢᠯᠭᠡ ᠵᠢ ᠬᠥᠭᠵᠢᠭᠡᠵᠦ᠂ ᠥᠷᠭᠡᠨ ᠤᠯᠠᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠡᠷᠡᠮᠡᠬᠡᠶ᠋ᠢᠯᠡᠨ ᠲᠡᠮᠡᠴᠡᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠵᠢ ᠬᠦᠳᠦᠯᠥᠨ ᠳᠠᠭ᠋ᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠦᠬᠠᠢ ᠵᠢ ᠪᠦᠳᠦᠭᠡᠨ ᠪᠠᠶ᠋ᠢᠭᠤᠯᠬᠤ᠎ᠳᠤ ᠳᠣᠲᠣᠭ᠋ᠠᠳᠤ ᠵᠢ ᠬᠠᠮᠠᠭ᠋ᠠᠯᠠᠬᠤ ᠬᠦᠴᠦᠨ ᠴᠢᠳᠠᠯ ᠵᠶ᠋ᠠᠨ ᠡᠷᠭᠦᠰᠦᠭᠡᠢ᠃