ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠤᠯᠠᠭ᠋ᠠᠨᠬᠠᠳᠠ ᠬᠣᠲᠠ ᠵᠢᠨ ᠠᠷᠤ ᠬᠤᠷᠴᠢᠨ ᠬᠤᠰᠢᠭᠤᠨ᠎ᠤ ᠦᠨᠳᠦᠰᠦᠲᠡᠨ ᠪᠠ ᠭᠠᠵᠠᠷ ᠣᠷᠣᠨ᠎ᠤ ᠣᠨᠴᠠᠯᠢᠭ᠎ᠲᠠᠢ ᠤᠶᠠᠯᠳᠤᠭᠤᠯᠵᠤ᠂ 《ᠣᠲᠤᠷ》 ᠤᠬᠠᠭᠤᠯᠤᠨ ᠲᠠᠶ᠋ᠢᠯᠪᠤᠷᠢᠯᠠᠬᠤ ᠡᠩᠨᠡᠭᠡ ᠵᠢ ᠪᠠᠶ᠋ᠢᠭᠤᠯᠵᠤ᠂ 《ᠤᠨᠤᠯ +》 ᠨᠡᠭᠦᠳᠡᠯ ᠮᠠᠶᠢᠭ᠎ᠤᠨ ᠤᠬᠠᠭᠤᠯᠤᠨ ᠲᠠᠶ᠋ᠢᠯᠪᠤᠷᠢᠯᠠᠬᠤ ᠠᠷᠭ᠎ᠠ ᠬᠡᠯᠪᠡᠷᠢ ᠵᠢ ᠬᠡᠷᠡᠭᠵᠢᠭᠦᠯᠵᠦ᠂ ᠨᠠᠮ᠎ᠤᠨ ᠰᠢᠨ᠎ᠡ ᠡᠭᠦᠳᠬᠦ ᠣᠨᠤᠯ᠎ᠢ ᠳᠠᠰᠤᠷᠠᠯᠲᠠ ᠦᠭᠡᠢ 《ᠡᠭᠡᠯ ᠠᠷᠠᠳ᠎ᠤᠨ ᠡᠷᠥᠬᠡ᠎ᠳᠤ ᠭᠦᠨᠵᠡᠭᠡᠢ᠌ᠷᠡᠭᠦᠯᠬᠦ》 ᠵᠢ ᠠᠬᠢᠭᠤᠯᠪᠠ᠃ 4 ᠳ᠋ᠦ᠍ᠭᠡᠷ ᠰᠠᠷ᠎ᠠ ᠵᠢᠨ 25᠎ᠤ ᠡᠳᠦᠷ᠂ ᠠᠷᠤ ᠬᠤᠷᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ᠎ᠬᠢᠨ 《ᠣᠲᠤᠷ 〈ᠣᠨᠣᠯ +〉》 ᠨᠡᠭᠦᠳᠡᠯ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ᠎ᠲᠠᠢ ᠨᠢᠭᠲᠠ ᠤᠶᠠᠯᠳᠤᠭᠤᠯᠤᠨ᠂ ᠪᠠᠶᠠᠠᠦ᠋ᠨᠲᠦᠷ ᠰᠤᠮᠤ ᠵᠢᠨ ᠮᠠᠨᠢᠲᠤ ᠭᠠᠴᠠᠭ᠎ᠠ᠎ᠳᠤ ᠭᠦᠨᠵᠡᠭᠡᠶ᠋ᠢᠷᠡᠵᠦ᠂ ᠦᠨᠳᠦᠰᠦᠨ ᠱᠠᠲᠤᠨ᠎ᠤ ᠵᠢᠵᠢᠭᠦᠷᠯᠡᠵᠦ ᠪᠠᠶ᠋ᠢᠭ᠎ᠠ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠣᠯᠤᠨ ᠮᠠᠯᠵᠢᠬᠤ ᠣᠷᠣᠨ᠎ᠤ ᠣᠯᠠᠨ ᠲᠦᠮᠡᠨ᠎ᠳᠤ ᠣᠶᠤᠨ ᠰᠠᠨᠠᠭ᠋ᠠᠨ᠎ᠤ ᠦᠪᠡᠳᠡᠭᠰᠢ ᠨᠠᠶ᠋ᠢᠷ᠎ᠢ ᠬᠦᠷᠭᠡᠪᠡ᠃
ᠠᠵᠢᠯᠯᠠᠭ᠎ᠠ ᠵᠢᠨ ᠳᠤᠮᠳᠠ᠂ ᠢᠷᠠᠭᠤ ᠰᠠᠶ᠋ᠢᠬᠠᠨ ᠪᠠᠶᠠᠷ ᠬᠦᠷ᠎ᠲᠠᠢ ᠦᠨᠳᠦᠰᠦᠲᠡᠨ᠎ᠤ ᠪᠥᠵᠢᠭ 《ᠳᠠᠪᠬᠢᠯᠲᠠ》᠎ᠪᠠᠷ ᠲᠣᠬᠤᠨᠢᠭᠤᠯᠬᠤ ᠲᠣᠭᠯᠠᠯᠲᠠ ᠬᠥᠰᠢᠭᠡ᠎ᠪᠠᠨ ᠰᠡᠬᠦᠵᠦ᠂ ᠲᠤᠬᠠᠢ ᠵᠢᠨ ᠲᠠᠯᠠᠪᠠᠢ ᠵᠢᠨ ᠦᠵᠡᠭᠴᠢᠳ ᠲᠣᠯᠣᠭ᠋ᠠᠢ ᠥᠨᠳᠡᠶ᠋ᠢᠨ ᠬᠦᠰᠡᠨ ᠬᠦᠯᠢᠶᠡᠵᠦ᠂ ᠠᠯᠠᠭ᠎ᠠ ᠲᠠᠰᠢᠯᠳᠠ ᠵᠢᠨ ᠲᠠᠭᠤᠨ ᠲᠠᠰᠤᠷᠠᠯᠳᠡ ᠦᠭᠡᠢ ᠴᠤᠤᠷᠢᠶᠠᠲᠤᠯ᠎ᠠ᠃ 《ᠬᠤᠷᠢᠳᠤᠭ᠋ᠠᠷ ᠶᠡᠭᠡ ᠬᠤᠷᠠᠯ ᠵᠶ᠋ᠠᠨ ᠮᠠᠭᠲᠠᠨ ᠳᠠᠭᠤᠯᠠᠨ᠂ ᠰᠢᠨ᠎ᠡ ᠴᠠᠭ ᠦᠶ᠎ᠡ᠎ᠳᠤ᠎ᠪᠠᠨ ᠭᠠᠪᠢᠶ᠎ᠠ ᠪᠠᠢ᠌ᠭᠤᠯᠤᠶ᠎ᠠ》 ᠭᠡᠬᠦ ᠰᠢᠯᠦᠭ᠎ᠢ ᠤᠶᠠᠩᠭ᠋ᠠᠯᠠᠨ ᠤᠩᠰᠢᠵᠤ᠂ ᠨᠠᠮ᠎ᠤᠨ ᠬᠠᠯᠠᠮᠵᠢᠯᠠᠯ ᠪᠠ ᠲᠠᠭᠤᠨ᠎ᠢ ᠳᠠᠮᠵᠢᠭᠤᠯᠪᠠ; ᠡᠷᠡᠭᠲᠡᠶ ᠡᠮᠡᠭᠲᠡᠶ ᠵᠢᠨ ᠬᠤᠣᠰᠯᠠᠯ ᠳᠠᠭᠤᠤ 《ᠶᠠᠪᠠᠭ᠋ᠠᠨ ᠬᠦᠮᠦᠨ᠎ᠤ ᠭᠠᠷᠴᠠ》 ᠪᠠ 《ᠮᠠᠯᠴᠢᠳ᠎ᠤᠨ ᠵᠣᠯ ᠵᠢᠷᠭ᠋ᠠᠯ》᠎ᠨᠢ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠥᠷᠭᠡᠨ ᠣᠯᠠᠨ ᠮᠠᠯᠵᠢᠬᠤ ᠣᠷᠣᠨ᠎ᠤ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠲᠠᠢ ᠨᠢᠭᠲᠠ ᠬᠣᠯᠪᠤᠪᠠ; ᠡᠮᠡᠭᠳᠡᠢ᠌ᠴᠦᠳᠤᠨ 《ᠮᠢᠨᠦ ᠨᠤᠲᠤᠭ ᠲᠠᠯ᠎ᠠ ᠨᠤᠲᠤᠭ᠎ᠲᠤ ᠪᠠᠶ᠋ᠢᠨ᠎ᠠ》 ᠭᠡᠬᠦ ᠨᠠᠶ᠋ᠢᠷᠠᠯ ᠳᠠᠭᠤᠤ᠎ᠨᠢ ᠠᠷᠤ ᠬᠤᠷᠴᠢᠨ ᠬᠤᠰᠢᠭᠤᠨ᠎ᠤ ᠦᠷ᠎ᠡ ᠬᠡᠤᠬᠡᠳ᠎ᠤᠨ ᠨᠤᠲᠤᠭ ᠤᠰᠤ᠎ᠪᠠᠨ ᠬᠠᠶ᠋ᠢᠷᠠᠯᠠᠵᠤ ᠪᠠᠶ᠋ᠢᠭ᠎ᠠ ᠰᠡᠳᠬᠢᠯᠭᠡ᠎ᠪᠠᠨ ᠢᠯᠡᠳᠭᠡᠪᠡ; ᠬᠣᠪᠢᠰᠬᠠᠯᠲᠤ ᠪᠡᠭᠡᠵᠢᠩ ᠵᠦᠴᠦᠭᠡ 《ᠤᠯᠠᠭ᠋ᠠᠨ ᠳ᠋ᠧᠩ᠎ᠤᠨ ᠲᠡᠮᠳᠡᠭᠯᠡᠯ》᠎ᠤᠨ ᠰᠣᠩᠭᠤᠮᠠᠯ ᠬᠡᠰᠡᠭ᠎ᠲᠤ᠂ ᠲᠤᠭ᠎ᠠ ᠲᠣᠮᠰᠢ ᠦᠭᠡᠢ ᠤᠯᠠᠨ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠪᠠᠯᠠᠷᠠᠰᠢ ᠦᠭᠡᠢ ᠵᠣᠷᠢᠭ ᠰᠠᠨᠠᠭ᠎ᠠ ᠵᠢ ᠭᠦᠨ ᠰᠡᠳᠬᠢᠯᠭᠡ᠎ᠲᠠᠢ᠎ᠪᠠᠷ ᠲᠠᠢ᠌ᠯᠪᠤᠷᠢᠯᠠᠪᠠ; ᠱᠤᠭ ᠵᠦᠴᠦᠭᠡ 《ᠡᠯᠡᠭᠯᠡᠯ》᠎ᠨᠢ ᠰᠤᠯᠠ ᠵᠠᠳᠠᠭ᠋ᠠᠶ ᠪᠥᠭᠡᠳ ᠥᠨᠳᠥᠷ ᠪᠦᠲᠦᠮᠵᠢᠲᠡᠶ ᠠᠷᠭ᠎ᠠ ᠬᠡᠯᠪᠡᠷᠢ᠎ᠪᠠᠷ ᠬᠥᠳᠡᠯᠭᠡᠭᠡᠨ᠎ᠤ ᠠᠬᠤᠶ ᠲᠠᠯᠠᠪᠠᠶ ᠵᠢ ᠳᠠᠬᠢᠨ ᠨᠢᠭᠡ ᠤᠳᠠᠭ᠎ᠠ ᠣᠷᠭᠢᠯ᠎ᠳᠤᠨᠢ ᠣᠷᠣᠭᠤᠯᠪᠠ; 《ᠮᠣᠩᠭᠤᠯ᠎ᠤᠨ ᠢᠷᠠᠭᠤ ᠰᠠᠶ᠋ᠢᠬᠠᠨ》 ᠭᠡᠬᠦ ᠪᠥᠵᠢᠭ ᠵᠶ᠋ᠠᠷ ᠡᠨᠡ ᠤᠳᠠᠭ᠎ᠠ ᠵᠢᠨ ᠲᠣᠬᠤᠨᠢᠭᠤᠯᠤᠯᠢ ᠲᠡᠭᠦᠰ ᠠᠮᠵᠢᠯᠲᠠ᠎ᠲᠠᠢ ᠲᠡᠭᠦᠰᠬᠡᠵᠡᠢ᠃
ᠠᠵᠢᠯᠯᠠᠭ᠎ᠠ ᠵᠢᠨ ᠬᠤᠭᠤᠴᠠᠭ᠋ᠠᠨ᠎ᠳᠤ᠂ ᠤᠯᠠᠭ᠋ᠠᠨᠮᠥ᠋ᠴᠢᠷ᠎ᠤᠨ ᠭᠡᠰᠢᠭᠦᠳ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ ᠪᠠ ᠲᠤᠬᠠᠶ ᠵᠢᠨ ᠲᠠᠯᠠᠪᠤᠷ᠎ᠲᠤ ᠤᠬᠠᠭᠤᠯᠤᠨ ᠲᠠᠶ᠋ᠢᠯᠪᠤᠷᠢᠯᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠥᠷᠭᠡᠨ ᠣᠯᠠᠨ ᠲᠦᠮᠡᠨ᠎ᠳᠤ ᠴᠠᠬᠢᠯᠭ᠋ᠠᠨ ᠬᠤᠯᠪᠣᠭ᠎ᠠ ᠰᠦᠯᠵᠢᠶ᠎ᠡ᠎ᠪᠠᠷ ᠮᠡᠬᠡᠯᠡᠬᠦ᠂ ᠬᠤᠤᠷ ᠴᠠᠭ᠋ᠠᠵᠠᠯᠠᠬᠤ᠂ ᠰᠦᠷᠳᠡᠭᠦᠯᠦᠯ᠎ᠢ ᠡᠰᠡᠷᠭᠦᠴᠡᠬᠦ ᠠᠮᠤᠷ ᠲᠦᠪᠰᠢᠨ ᠵᠡᠷᠭᠡ ᠬᠠᠮᠢᠶ᠎ᠠ ᠪᠥᠬᠦᠶ ᠮᠡᠳᠡᠯᠭᠡ ᠵᠢ ᠨᠠᠷᠢᠨ ᠲᠣᠳᠣᠷᠬᠠᠶ ᠶᠠᠷᠢᠵᠤ ᠥᠭᠴᠡᠶ᠃ ᠡᠶ᠋ᠢᠮᠦᠷᠬᠦ ᠤᠯᠠᠨ ᠲᠦᠮᠡᠨ᠎ᠲᠠᠢ ᠤᠢ᠍ᠢ᠍ᠷᠠᠳᠤᠭᠰᠠᠨ᠂ ᠬᠠᠯᠠᠭᠤᠮᠰᠤᠭ ᠤᠬᠠᠭᠤᠯᠤᠨ ᠲᠠᠶ᠋ᠢᠯᠪᠤᠷᠢᠯᠠᠬᠤ ᠠᠷᠭ᠎ᠠ ᠬᠡᠯᠪᠡᠷᠢ᠎ᠨᠢ ᠲᠤᠬᠠᠢ ᠵᠢᠨ ᠲᠠᠯᠠᠪᠠᠢ ᠵᠢᠨ ᠤᠯᠠᠨ ᠲᠦᠮᠡᠨ᠎ᠤ ᠰᠠᠶ᠋ᠢᠨ ᠦᠨᠡᠯᠡᠯᠲᠡ ᠵᠢ ᠣᠯᠤᠭᠰᠠᠨ ᠪᠠᠶ᠋ᠢᠨ᠎ᠠ᠃
ᠲᠤᠰ ᠤᠳᠠᠭ᠎ᠠ ᠵᠢᠨ ᠲᠣᠬᠤᠨᠢᠭᠤᠯᠬᠤ ᠲᠣᠭᠯᠠᠯᠲᠠ᠎ᠳᠤ᠂ ᠠᠷᠤ ᠬᠤᠷᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ ᠬᠤᠰᠢᠭᠤᠨ᠎ᠤ ᠭᠡᠰᠢᠭᠦᠳ ᠲᠠᠯ᠎ᠠ ᠨᠤᠲᠤᠭ᠎ᠤᠨ ᠤᠳᠬ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ᠎ᠤᠨ ᠰᠢᠯᠢᠳᠡᠭ ᠤᠯᠠᠮᠵᠢᠯᠠᠯ ᠵᠶ᠋ᠠᠨ ᠦᠨᠡᠨ ᠬᠦ᠌ ᠪᠠᠳᠠᠷᠠᠭᠤᠯᠵᠤ᠂ ᠠᠷᠠᠳ᠎ᠠᠴᠠ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠵᠢᠯᠲᠠᠳ᠎ᠤᠨ ᠦᠢ᠍ᠯᠡᠰ ᠪᠤᠰᠬᠠᠬᠤ ᠣᠮᠤᠭ ᠵᠣᠷᠢᠭ ᠪᠣᠯᠤᠨ ᠠᠷᠠᠳ᠎ᠤᠨ ᠲᠥᠯᠥᠭᠡ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠵᠢ ᠪᠦᠲᠦᠮᠵᠢᠲᠡᠢ ᠬᠥᠭᠵᠢᠭᠡᠵᠦ᠂ ᠳᠣᠲᠣᠭ᠋ᠠᠳᠤ ᠵᠢ ᠬᠠᠮᠠᠭ᠋ᠠᠯᠠᠬᠤ ᠳᠠᠭᠤᠨ᠎ᠢ ᠰᠠᠶ᠋ᠢᠲᠤᠷ ᠰᠣᠨᠣᠰᠬᠤ᠂ ᠴᠠᠭᠳᠠᠭ᠎ᠠ ᠵᠢᠨ ᠦᠯᠢᠭᠡᠷ᠎ᠢ ᠰᠠᠶ᠋ᠢᠲᠤᠷ ᠶᠠᠷᠢᠬᠤ᠂ ᠳᠣᠲᠣᠭ᠋ᠠᠳᠤ ᠵᠢ ᠬᠠᠮᠠᠭ᠋ᠠᠯᠠᠬᠤ ᠢᠳᠡᠪᠬᠢ ᠬᠦᠴᠦᠨ᠎ᠢ ᠳᠠᠮᠵᠢᠭᠤᠯᠬᠤ᠂ ᠴᠠᠭᠳᠠᠭ᠎ᠠ ᠠᠷᠠᠳ᠎ᠤᠨ ᠰᠡᠳᠬᠢᠯ᠎ᠢ ᠬᠤᠯᠪᠣᠬᠤ ᠬᠥᠭᠦᠷᠭᠡ ᠪᠠᠶ᠋ᠢᠭᠤᠯᠬᠤ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠪᠠ᠃