ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠴᠠᠭᠳᠠᠭᠠᠨ ᠬᠤᠸᠠᠷᠠᠨ ᠰᠣᠶᠣᠯ
ᠣᠳᠤᠭ ᠬᠤᠰᠢᠭᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ 《ᠴᠠᠭᠳᠠᠭ᠋ᠠᠨ᠎ᠤ ᠬᠤᠸᠠᠷᠠᠨ᠎ᠤ ᠨᠡᠭᠡᠭᠡᠯᠲᠡ ᠵᠢᠨ ᠡᠳᠦᠷ》᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠨᠡᠶ᠋ᠢᠲᠡᠯᠡᠭᠰᠡᠨ ᠴᠠᠭ᠄ 2023-06-25

      ᠣᠶ᠋ᠢᠷ᠎ᠠ᠎ᠳᠤ᠂ ᠣᠷᠳᠣᠰ ᠬᠤᠲᠠ ᠵᠢᠨ ᠣᠲᠤᠭ ᠬᠤᠰᠢᠭᠤᠨ᠎ᠤ ᠲᠣᠳᠣᠭ᠋ᠠᠳᠣ ᠵᠢ ᠬᠠᠮᠠᠭ᠋ᠠᠯᠠᠬᠤ ᠲᠣᠪᠴᠢᠶᠠᠨ᠎ᠤ ᠰᠦᠷᠳᠡᠭᠦᠯᠦᠯ᠎ᠢ ᠡᠰᠡᠷᠭᠦᠴᠡᠬᠦ ᠪᠣᠯᠣᠨ ᠣᠨᠴᠠ ᠲᠥᠷᠦᠯ᠎ᠤᠨ ᠴᠠᠭᠳᠠᠨ ᠲᠣᠭᠤᠷᠢᠬᠤ ᠴᠠᠭᠳᠠᠭ᠋ᠠᠨ᠎ᠤ ᠶᠡᠭᠡ ᠠᠩᠭᠢ ᠵᠢᠨ ᠨᠠᠮ᠎ᠤᠨ ᠡᠭᠦᠷ᠎ᠠᠴᠠ 《ᠬᠥᠭᠡᠷᠦᠬᠦᠨ ᠬᠡᠦᠬᠡᠳ᠎ᠤᠳ᠎ᠢ ᠴᠠᠭᠳᠠᠭ᠋ᠠᠨ᠎ᠤ ᠬᠤᠸᠠᠷᠠᠨ᠎ᠳᠤ ᠰᠣᠨᠢᠭᠤᠴᠢᠯᠠᠨ᠂ ᠴᠠᠭᠳᠠᠭ᠋ᠠᠨ᠎ᠤ ᠰᠡᠳᠬᠢᠯ ᠵᠶ᠋ᠠᠷ ᠬᠡᠦᠬᠡᠳ᠎ᠤᠳ᠎ᠢ ᠪᠠᠶᠠᠰᠬᠠᠨᠠᠮ》 ᠭᠡᠬᠦ ᠲᠤᠰᠬᠠᠢ ᠰᠡᠳᠦᠪ ᠵᠶ᠋ᠠᠷ ᠴᠠᠭᠳᠠᠭ᠋ᠠᠨ᠎ᠤ ᠬᠤᠸᠠᠷᠠᠨ᠎ᠤ ᠨᠡᠭᠡᠭᠡᠯᠲᠡ ᠵᠢᠨ ᠡᠳᠦᠷ᠎ᠤᠨ ᠠᠵᠢᠯᠯᠠᠭ᠎ᠠ ᠥᠷᠨᠢᠭᠦᠯᠪᠡ᠂ ᠠᠵᠢᠯᠯᠠᠭ᠎ᠠ᠎ᠳᠤ ᠣᠲᠤᠭ ᠬᠤᠰᠢᠭᠤᠨ᠎ᠤ᠎ᠲᠠᠢ ᠰᠢᠶᠠᠩ ᠴᠡᠴᠡᠷᠯᠢᠭ᠎ᠤᠨ 40 ᠭᠠᠷᠦᠢ ᠪᠢᠴᠢᠬᠠᠨ ᠨᠠᠶ᠋ᠢᠵᠠ ᠵᠢ ᠤᠷᠢᠨ᠂ ᠴᠠᠭᠳᠠᠭ᠋ᠠᠨ᠎ᠤ ᠬᠤᠸᠠᠷᠠᠨ᠎ᠤ ᠠᠭᠤᠷ ᠠᠮᠢᠰᠬᠤᠯ᠎ᠢ ᠣᠶ᠋ᠢᠯᠠᠭᠤᠯᠵᠤ᠂ ᠴᠠᠭᠳᠠᠭ᠋ᠠᠨ᠎ᠤ ᠬᠤᠸᠠᠷᠠᠨ᠎ᠤ ᠰᠣᠶᠣᠯ ᠠᠮᠢᠳᠤᠷᠠᠯ᠎ᠤᠨ ᠲᠠᠨᠢᠭᠤᠯᠤᠨ᠂ ᠠᠳᠠᠯᠢ ᠪᠤᠰᠤ ᠴᠠᠭᠳᠠᠭ᠋ᠠᠨ᠎ᠤ ᠳᠥᠷᠬᠦ ᠵᠢ ᠬᠠᠷᠠᠭᠤᠯᠪᠠ᠃

 微信图片_20230424113810.jpg 


     ᠴᠠᠭᠳᠠᠭ᠋ᠠᠨ᠎ᠤ ᠬᠤᠸᠠᠷᠠᠨ᠎ᠤ ᠨᠡᠭᠡᠭᠡᠯᠲᠡ ᠵᠢᠨ ᠡᠳᠦᠷ᠂ ᠪᠢᠴᠢᠬᠠᠨ ᠨᠠᠶ᠋ᠢᠵᠠ ᠨᠠᠷ ᠰᠦᠷᠳᠡᠭᠦᠯᠦᠯ᠎ᠢ ᠡᠰᠡᠷᠭᠦᠴᠡᠬᠦ ᠪᠣᠯᠣᠨ ᠣᠨᠴᠠ ᠲᠥᠷᠦᠯ᠎ᠤᠨ ᠴᠠᠭᠳᠠᠨ ᠲᠣᠭᠤᠷᠢᠬᠤ ᠴᠠᠭᠳᠠᠭ᠋ᠠᠨ᠎ᠤ ᠶᠡᠭᠡ ᠠᠩᠭᠢ ᠵᠢᠨ ᠠᠯᠪᠠᠨ ᠭᠠᠵᠠᠷ᠎ᠲᠤ ᠬᠦᠷᠴᠦ᠂ ᠣᠯᠠᠨ ᠠᠷᠪᠢᠨ ᠣᠨᠴᠠ ᠴᠠᠭᠳᠠᠭ᠋ᠠᠨ᠎ᠤ ᠵᠡᠪᠰᠡᠭ ᠲᠣᠨᠣᠭᠯᠠᠯ ᠪᠠ ᠴᠠᠭᠳᠠᠭ᠋ᠠᠨ᠎ᠤ ᠮᠠᠰᠢᠨ᠎ᠢ ᠦᠵᠡᠭᠡᠳ ᠲᠦᠢ᠍ᠯ᠎ᠤᠨ ᠤᠷᠮ᠎ᠠ ᠬᠥᠭᠵᠢᠶᠡᠨ᠎ᠲᠠᠢ ᠪᠠᠶ᠋ᠢᠪᠠ᠃ 《ᠡᠨᠡ ᠪᠣᠯ ᠭᠠᠪᠠ᠂ ᠡᠨᠡ ᠪᠣᠯ ᠰᠤᠮᠤ ᠨᠡᠪᠲᠡᠷᠡᠬᠦ ᠦᠭᠡᠢ ᠬᠤᠪᠴᠠᠰᠤ᠂ ᠡᠨᠡ ᠪᠣᠯ ᠬᠠᠯᠬᠠᠪᠴᠢ᠂ ᠡᠨᠡ ᠪᠣᠯ ᠬᠦᠴᠦᠷᠬᠡᠭᠯᠡᠯ᠎ᠢ ᠰᠡᠷᠭᠡᠶ᠋ᠢᠯᠡᠬᠦ ᠮᠠᠰᠢᠨ᠂ ᠡᠨᠡ ᠪᠣᠯ ᠬᠡᠷᠡᠭ ᠰᠢᠢ᠍ᠳᠪᠦᠷᠢᠯᠡᠬᠦ ᠮᠠᠰᠢᠨ᠂ ᠡᠨᠡ ᠪᠣᠯ ᠁》 ᠬᠡᠮᠡᠨ ᠠᠷᠠᠳ᠎ᠤᠨ ᠴᠠᠭᠳᠠᠭ᠎ᠠ ᠪᠠᠭᠰᠢ ᠪᠣᠯᠣᠨ ᠬᠡᠦᠬᠡᠳ᠎ᠤᠳ᠎ᠲᠤ ᠪᠦᠬᠦᠶ᠋ᠢᠯᠡ ᠰᠦᠷᠳᠡᠭᠦᠯᠦᠯ᠎ᠢ ᠡᠰᠡᠷᠭᠦᠴᠡᠬᠦ ᠣᠨᠴᠠ ᠴᠠᠭᠳᠠᠭ᠋ᠠᠨ᠎ᠤ ᠵᠡᠪᠰᠡᠭ ᠲᠣᠨᠣᠭᠯᠠᠯ᠎ᠢ ᠨᠠᠷᠢᠯᠢᠭ ᠲᠠᠨᠢᠯᠴᠠᠭᠤᠯᠵᠤ᠂ ᠪᠢᠴᠢᠬᠠᠨ ᠨᠠᠶ᠋ᠢᠵᠠ ᠨᠠᠷ ᠰᠡᠳᠬᠢᠯ ᠲᠠᠯᠪᠢᠨ ᠰᠣᠨᠣᠰᠤᠭᠰᠠᠨ ᠵᠶ᠋ᠠᠷ ᠪᠠᠷᠠᠬᠤ ᠦᠭᠡᠢ ᠪᠠᠰᠠ ᠲᠤᠬᠠᠢ ᠵᠢᠨ ᠭᠠᠵᠠᠷ᠎ᠲᠤ ᠪᠠᠶ᠋ᠢᠭᠰᠠᠨ ᠠᠷᠠᠳ᠎ᠤᠨ ᠴᠠᠭᠳᠠᠭ᠎ᠠ᠎ᠠᠴᠠ ᠪᠠᠶ᠋ᠢᠨ ᠳᠠᠬᠢᠨ ᠰᠣᠨᠢᠨ ᠰᠠᠶ᠋ᠢᠬᠠᠨ ᠠᠰᠠᠭᠤᠯᠲᠠ ᠳᠤᠷᠠᠳᠴᠤ ᠪᠠᠶ᠋ᠢᠪᠠ᠃

 微信图片_202304241138106.jpg 


     ᠠᠷᠠᠳ᠎ᠤᠨ ᠴᠠᠭᠳᠠᠭ᠎ᠠ ᠲᠣᠭᠤᠷᠢᠨ ᠰᠣᠨᠢᠷᠬᠠᠵᠤ ᠪᠠᠶ᠋ᠢᠭ᠎ᠠ ᠪᠢᠴᠢᠬᠠᠨ ᠨᠠᠶ᠋ᠢᠵᠠ ᠨᠠᠷ᠎ᠲᠤ ᠭᠠᠭᠴᠠ ᠴᠠᠭᠳᠠᠭ᠋ᠠᠨ᠎ᠤ ᠵᠡᠪᠰᠡᠭ ᠲᠣᠨᠣᠭᠯᠠᠯ᠂ ᠴᠠᠭᠳᠠᠭ᠋ᠠᠨ᠎ᠤ ᠬᠠᠯᠬᠠᠪᠴᠢ᠂ ᠬᠦᠴᠦᠷᠬᠡᠭᠯᠡᠯ᠎ᠢ ᠰᠡᠷᠭᠡᠶ᠋ᠢᠯᠡᠬᠦ ᠴᠠᠭᠳᠠᠭ᠋ᠠᠨ᠎ᠤ ᠪᠣᠷᠣᠣᠬᠠᠢ᠂ ᠪᠠᠷᠢᠪᠴᠢᠯᠠᠬᠤ ᠪᠠᠭ᠋ᠠᠵᠢ ᠬᠡᠷᠡᠭᠰᠡᠯ᠂ ᠬᠠᠤᠯᠢ ᠬᠡᠷᠡᠭᠵᠢᠭᠦᠯᠬᠦ ᠲᠡᠮᠲᠡᠭᠯᠡᠭᠦᠷ ᠵᠡᠷᠭᠡ ᠡᠯ᠎ᠡ ᠵᠦᠢ᠍ᠯ᠎ᠤᠨ ᠴᠠᠭᠳᠠᠭ᠋ᠠᠨ᠎ᠤ ᠪᠠᠭ᠋ᠠᠵᠢ ᠬᠡᠷᠡᠭᠰᠡᠯ᠎ᠢ ᠳᠡᠯᠭᠡᠨ ᠦᠵᠡᠭᠦᠯᠦᠨ᠂ ᠲᠡᠳᠡᠨᠦᠰ᠎ᠲᠤ ᠬᠡᠷᠡᠭᠯᠡᠬᠦ ᠠᠷᠭ᠎ᠠ ᠮᠠᠶᠢᠭ ᠵᠢᠴᠢ ᠴᠢᠳᠠᠪᠤᠷᠢ ᠵᠢᠨ ᠬᠡᠷᠡᠭᠴᠡᠭᠡ ᠵᠢ ᠲᠠᠶ᠋ᠢᠯᠪᠤᠷᠢᠯᠠᠵᠤ ᠥᠭᠬᠦ᠎ᠳᠤ᠂ ᠪᠢᠴᠢᠬᠠᠨ ᠨᠠᠶ᠋ᠢᠵᠠ ᠨᠠᠷ ᠨᠠᠷᠢᠨ ᠬᠢᠨᠠᠮᠠᠭ᠋ᠠᠢ ᠰᠣᠨᠣᠰᠣᠨ᠂ ᠴᠠᠭᠳᠠᠭ᠋ᠠᠨ᠎ᠤ ᠵᠡᠪᠰᠡᠭ ᠲᠣᠨᠣᠭᠯᠠᠯ᠎ᠲᠠᠢ ᠳᠣᠲᠣᠨᠤ ᠣᠶ᠋ᠢᠷᠠᠳᠠᠭᠰᠠᠨ᠎ᠳᠤ᠎ᠪᠠᠨ ᠨᠢᠭᠡ ᠨᠢᠭᠡ᠎ᠪᠠᠷ ᠵᠶ᠋ᠠᠨ ᠪᠠᠶᠠᠷᠯᠠᠬᠤ ᠵᠢᠨ ᠶᠡᠭᠡ᠎ᠪᠠᠷ ᠪᠠᠶᠠᠷᠯᠠᠵᠤ ᠪᠠᠶ᠋ᠢᠪᠠ᠃

微信图片_2023042411381017.jpg  


    ᠲᠤᠰ ᠤᠳᠠᠭ᠋ᠠᠨ᠎ᠤ 《ᠴᠠᠭᠳᠠᠭ᠋ᠠᠨ᠎ᠤ ᠬᠤᠸᠠᠷᠠᠨ᠎ᠤ ᠨᠡᠭᠡᠭᠡᠯᠲᠡ ᠵᠢᠨ ᠡᠳᠦᠷ》᠎ᠤᠨ ᠠᠵᠢᠯᠯᠠᠭ᠎ᠠ᠎ᠪᠠᠷ᠂ ᠪᠠᠭᠰᠢ ᠰᠤᠷᠤᠭᠴᠢ ᠨᠠᠷ᠎ᠲᠤ ᠨᠢᠭᠡᠨ ᠥᠪᠡᠷ᠎ᠤᠨ ᠪᠡᠶ᠎ᠡ᠎ᠪᠠᠷ ᠵᠶ᠋ᠠᠨ ᠴᠠᠭᠳᠠᠭ᠋ᠠᠨ᠎ᠤ ᠬᠤᠸᠠᠷᠠᠨ᠎ᠤ ᠠᠮᠢᠳᠤᠷᠠᠯ᠎ᠢ ᠣᠶ᠋ᠢᠯᠭ᠋ᠠᠬᠤ ᠲᠠᠪᠴᠠᠩ ᠪᠠᠶ᠋ᠢᠭᠤᠯᠤᠨ᠂ ᠪᠢᠴᠢᠬᠠᠨ ᠨᠠᠶ᠋ᠢᠵᠠ ᠨᠠᠷ᠎ᠤᠨ ᠪᠢᠴᠢᠬᠠᠨ 《ᠴᠠᠭᠳᠠᠭ᠎ᠠ ᠪᠣᠯᠬᠤ》 ᠭᠡᠰᠡᠨ ᠬᠦᠰᠡᠯ᠎ᠢ ᠪᠡᠶᠡᠯᠡᠭᠦᠯᠦᠭᠰᠡᠨ ᠵᠶ᠋ᠠᠷ ᠪᠠᠷᠠᠬᠤ ᠦᠭᠡᠢ ᠪᠠᠰᠠ ᠪᠠᠭᠰᠢ ᠰᠤᠷᠤᠭᠴᠢᠳ᠎ᠤᠨ ᠬᠠᠷᠠᠭ᠎ᠠ ᠵᠢ ᠥᠷᠭᠡᠳᠬᠡᠵᠦ᠂ ᠮᠡᠳᠡᠯᠭᠡ ᠵᠢᠨ ᠬᠡᠪᠴᠢᠶ᠎ᠡ ᠨᠠᠮᠡᠭᠳᠡᠭᠦᠯᠦᠨ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ᠎ᠢ ᠳᠡᠭᠡᠭᠰᠢᠯᠡᠭᠦᠯᠵᠦ᠂ ᠪᠠᠭᠰᠢ ᠰᠤᠷᠤᠭᠴᠢᠳ᠎ᠤᠨ ᠠᠷᠠᠳ᠎ᠤᠨ ᠴᠠᠭᠳᠠᠭ᠋ᠠᠨ᠎ᠤ ᠠᠵᠢᠯ᠎ᠤᠨ ᠲᠠᠯ᠎ᠠ᠎ᠪᠠᠷ᠎ᠬᠢ ᠣᠶ᠋ᠢᠯᠠᠭ᠋ᠠᠯᠲᠠ ᠵᠢ ᠨᠡᠮᠡᠭᠳᠡᠭᠦᠯᠬᠦ ᠵᠢᠨ ᠬᠠᠮᠲᠤ ᠪᠠᠰᠠ ᠴᠠᠭᠳᠠᠭ᠎ᠠ ᠠᠷᠠᠳ᠎ᠤᠨ ᠬᠠᠷᠢᠴᠠᠭ᠎ᠠ ᠵᠢ ᠨᠢᠭᠲᠠᠷᠠᠭᠤᠯᠵᠤ᠂ ᠳᠣᠳᠣᠭ᠋ᠠᠳᠣ ᠵᠢ ᠬᠠᠮᠠᠭ᠋ᠠᠯᠠᠬᠤ ᠴᠠᠭᠳᠠᠭ᠋ᠠᠨ᠎ᠤ ᠰᠠᠶ᠋ᠢᠨ ᠰᠠᠶ᠋ᠢᠬᠠᠨ ᠳᠦᠷᠢ ᠳᠥᠷᠬᠦ ᠵᠢ ᠱᠣᠭᠤᠵᠤ᠂ ᠠᠷᠠᠳ᠎ᠤᠨ ᠴᠠᠭᠳᠠᠭ᠋ᠠᠨ᠎ᠤ ᠠᠵᠢᠯ᠎ᠤᠨ ᠢᠷᠠᠭᠤ ᠠᠯᠳᠠᠷᠲᠤ ᠰᠡᠳᠬᠢᠯᠭᠡ᠂ ᠮᠡᠳᠡᠷᠡᠬᠦ ᠰᠡᠳᠬᠢᠯᠭᠡ ᠪᠠ ᠣᠮᠣᠭᠰᠢᠬᠤ ᠰᠡᠳᠬᠢᠯᠭᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠭᠰᠢ ᠰᠤᠷᠤᠭᠴᠢᠳ᠎ᠤᠨ ᠰᠡᠳᠬᠢᠯ᠎ᠳᠤ ᠴᠦ᠍ ᠠᠮᠤᠷ ᠠᠮᠤᠭᠤᠯᠠᠩ᠎ᠢ ᠰᠠᠬᠢᠨ ᠬᠠᠮᠠᠭ᠋ᠠᠯᠠᠬᠤ᠂ ᠰᠢᠳᠤᠷᠭᠤ ᠶᠣᠰᠣ ᠵᠢ ᠬᠠᠮᠠᠭ᠋ᠠᠯᠠᠬᠤ ᠰᠠᠢ᠌ᠨ ᠰᠠᠢ᠌ᠬᠠᠨ ᠨᠦᠯᠦᠭᠡ ᠲᠤᠰᠬᠠᠯ᠎ᠢ ᠠᠪᠴᠢᠷᠠᠵᠤ ᠥᠭᠪᠡ᠃

 

      

ᠢᠷᠡᠯᠲᠡ᠄