ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠴᠠᠭᠳᠠᠭᠠᠨ ᠬᠤᠸᠠᠷᠠᠨ ᠰᠣᠶᠣᠯ
ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ 《ᠵᠣᠬᠢᠶᠠᠨ ᠪᠦᠲᠦᠭᠡᠬᠦ ᠪᠣᠯᠪᠠᠰᠤᠷᠠᠯ᠎ᠤᠨ ᠰᠠᠭᠤᠷᠢᠨ》 ᠪᠠᠶ᠋ᠢᠭᠤᠯᠤᠭᠳᠠᠪᠠ
ᠨᠡᠶ᠋ᠢᠲᠡᠯᠡᠭᠰᠡᠨ ᠴᠠᠭ᠄ 2023-07-25

      2017 ᠣᠨ᠎ᠤ 11 ᠰᠠᠷ᠎ᠠ ᠵᠢᠨ 21᠎ᠤ ᠡᠳᠦᠷ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠥᠨᠢᠳ ᠪᠠᠷᠠᠭᠤᠨ ᠬᠣᠰᠢᠭᠤᠨ᠎ᠤ ᠤᠯᠠᠭ᠋ᠠᠨᠮᠥ᠋ᠴᠢᠷ᠎ᠤᠨ ᠭᠡᠰᠢᠭᠦᠳ᠎ᠲᠤ ᠳᠣᠲᠣᠨᠣ ᠵᠠᠬᠢᠳᠠᠯ ᠢᠯᠡᠭᠡᠵᠦ᠂ ᠤᠯᠠᠭ᠋ᠠᠨᠮᠥ᠋ᠴᠢᠷ ᠪᠣᠯ 《ᠪᠦᠬᠦ ᠤᠯᠤᠰ᠎ᠤᠨ ᠤᠳᠬ᠎ᠠ ᠤᠷᠠᠯᠢᠭ᠎ᠤᠨ ᠹᠷᠣᠨᠲ᠎ᠤᠨ ᠨᠢᠭᠡᠨ ᠲᠤᠭ》 ᠪᠣᠯᠬᠤ ᠵᠢ ᠭᠦᠢ᠍ᠴᠡᠳ ᠨᠤᠲᠠᠯᠠᠵᠤ᠂ ᠣᠯᠠᠨ ᠵᠶ᠋ᠠᠷ ᠵᠶ᠋ᠠᠨ ᠤᠯᠠᠭ᠋ᠠᠨᠮᠥ᠋ᠴᠢᠷ᠎ᠤᠨ ᠰᠢᠯᠢᠳᠡᠭ ᠤᠯᠠᠮᠵᠢᠯᠠᠯ᠎ᠢ ᠶᠡᠬᠡᠪᠡᠷ ᠪᠠᠳᠠᠷᠠᠭᠤᠯᠵᠤ᠂ ᠠᠮᠢᠳᠤᠷᠠᠯ᠎ᠤᠨ ᠥᠩ ᠰᠢᠮᠡᠯᠢᠭ ᠬᠥᠷᠥᠰᠥᠨ᠎ᠳᠤ ᠦᠨᠳᠦᠰᠦᠯᠡᠵᠦ᠂ ᠮᠠᠯᠴᠢᠨ ᠲᠦᠮᠡᠨ᠎ᠳᠤ ᠦᠢ᠍ᠯᠡᠴᠢᠯᠡᠵᠦ᠂ ᠤᠳᠬ᠎ᠠ ᠤᠷᠠᠯᠢᠭ᠎ᠤᠨ ᠰᠢᠨ᠎ᠡ ᠡᠭᠦᠳᠦᠯᠲᠡ ᠵᠢ ᠠᠬᠢᠭᠤᠯᠵᠤ᠂ ᠣᠯᠠᠨ ᠲᠦᠮᠡᠨ᠎ᠤ᠎ᠲᠠᠢ ᠣᠶ᠋ᠢᠷᠠᠳᠤᠭᠰᠠᠨ᠂ ᠣᠯᠠᠨ ᠲᠦᠮᠡᠨ᠎ᠤ ᠳᠤᠮᠳᠠ ᠤᠯᠠᠮᠵᠢᠯᠠᠭᠳᠠᠵᠤ᠂ ᠣᠯᠠᠨ ᠲᠦᠮᠡᠨ᠎ᠳᠤ ᠲᠠᠭ᠋ᠠᠰᠢᠶᠠᠭᠳᠠᠭᠰᠠᠨ ᠰᠢᠯᠢᠳᠡᠭ ᠪᠦᠲᠦᠭᠡᠯ᠎ᠢ ᠨᠡᠩ ᠣᠯᠠᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ᠎ᠤᠨ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠪᠣᠯᠲᠤᠭ᠋ᠠᠢ ᠭᠡᠵᠦ ᠤᠷᠢᠶᠠᠯᠠᠪᠠ᠃

O92A3518(1).jpg


      ᠶᠡᠷᠦᠩᠬᠡᠢ ᠱᠦᠵᠢ ᠰᠢ ᠵᠢᠨ ᠫᠢᠩ᠎ᠤᠨ ᠤᠯᠠᠭ᠋ᠠᠨᠮᠥ᠋ᠴᠢᠷ᠎ᠤᠨ ᠦᠢ᠍ᠯᠡᠰ᠎ᠤᠨ ᠬᠥᠭᠵᠢᠯᠲᠡ ᠵᠢᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ  ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠰᠣᠶᠣᠯ᠎ᠤᠨ ᠬᠥᠭᠵᠢᠯᠲᠡ ᠵᠢ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠰᠣᠶᠣᠯ᠎ᠤᠨ ᠴᠠᠭᠳᠠᠭ᠎ᠠ ᠵᠢᠨ ᠰᠡᠳᠬᠢᠯ᠎ᠢ ᠨᠢᠭᠲᠠᠷᠠᠭᠤᠯᠬᠤ᠂ ᠲᠡᠮᠡᠴᠡᠯ᠎ᠤᠨ ᠵᠣᠷᠢᠭ᠎ᠢ ᠬᠥᠭᠵᠢᠭᠡᠬᠦ᠂ ᠦᠵᠡᠯ ᠰᠡᠳᠬᠢᠯᠭᠡ ᠵᠢ ᠪᠣᠯᠪᠠᠰᠤᠷᠠᠭᠤᠯᠬᠤ᠂ ᠳᠦᠷᠢ ᠲᠥᠷᠬᠦ ᠵᠢ ᠪᠣᠢ ᠪᠣᠯᠭ᠋ᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠰᠣᠶᠣᠯ᠎ᠤᠨ ᠪᠠᠶ᠋ᠢᠭᠤᠯᠤᠯᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠤᠨ ᠬᠥᠭᠵᠢᠯᠲᠡ᠎ᠳᠤ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠥᠳᠡᠯᠭᠡᠬᠦ ᠬᠦᠴᠦᠨ ᠬᠠᠩᠭ᠋ᠠᠬᠤ ᠵᠢ ᠦᠷᠭᠦᠯᠵᠢᠯᠡᠨ ᠠᠬᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠰᠣᠶᠣᠯ᠎ᠤᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ ᠪᠠᠶ᠋ᠢᠭ᠋ᠠᠳ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠤᠨ ᠬᠥᠭᠵᠢᠯᠲᠡ᠎ᠳᠤ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠥᠳᠡᠯᠭᠡᠬᠦ ᠬᠦᠴᠦᠨ ᠬᠠᠩᠭ᠋ᠠᠬᠤ ᠵᠢᠨ ᠲᠥᠯᠥᠭᠡ᠂ 7 ᠰᠠᠷ᠎ᠠ ᠵᠢᠨ 13᠎ᠤ ᠡᠳᠦᠷ᠂ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ ᠵᠣᠬᠢᠶᠠᠨ ᠪᠦᠲᠦᠭᠡᠬᠦ ᠪᠣᠯᠪᠠᠰᠤᠷᠠᠯ᠎ᠤᠨ ᠰᠠᠭᠤᠷᠢᠨ ᠭᠠᠵᠠᠷ ᠴᠡᠴᠡᠭ᠎ᠤᠨ ᠪᠦᠮᠪᠦᠯᠢᠭ ᠤᠷᠠᠯᠢᠭ᠎ᠤᠨ ᠰᠤᠷᠭ᠋ᠠᠨ ᠬᠥᠮᠦᠵᠢᠯ᠎ᠳᠤ ᠫᠠᠶ᠋ᠢᠰᠠ ᠡᠯᠭᠦᠨ ᠪᠠᠶ᠋ᠢᠭᠤᠯᠤᠭᠳᠠᠪᠠ᠃ 

2022年人民警察节文艺汇演 (2).JPG


      ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ ᠵᠣᠬᠢᠶᠠᠨ ᠪᠦᠲᠦᠭᠡᠬᠦ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠬᠤ ᠪᠣᠯ ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠰᠣᠶᠣᠯ᠎ᠢ ᠣᠯᠠᠨ ᠲᠦᠮᠡᠨ᠎ᠲᠠᠢ ᠤᠢ᠍ᠢ᠍ᠷᠠᠳᠤᠭᠰᠠᠨ᠂ ᠥᠷᠭᠡᠨ ᠵᠶ᠋ᠠᠷ ᠤᠯᠠᠮᠵᠢᠯᠠᠭᠰᠠᠨ᠂ ᠠᠷᠠᠳ ᠣᠯᠠᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠭᠰᠠᠨ᠂ ᠠᠷᠠᠳ ᠲᠦᠮᠡᠨ᠎ᠤ ᠣᠶᠤᠨ ᠰᠠᠨᠠᠭ᠋ᠠᠨ᠎ᠤ ᠬᠦᠴᠦᠨ᠎ᠢ ᠨᠡᠮᠡᠭᠳᠡᠭᠦᠯᠦᠭᠰᠡᠨ ᠰᠣᠳᠣᠨ ᠪᠦᠲᠦᠭᠡᠯ᠎ᠢ ᠨᠡᠩ ᠰᠠᠶ᠋ᠢᠨ ᠵᠣᠬᠢᠶᠠᠨ ᠪᠦᠲᠦᠭᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠣᠶ᠋ᠢᠰᠢᠳᠠ ᠵᠢᠨ ᠴᠠᠭᠳᠠᠭ᠋ᠠᠨ ᠬᠤᠸᠠᠷᠠᠨ᠎ᠤ ᠰᠣᠶᠣᠯ᠎ᠤᠨ ᠠᠵᠢᠯ᠎ᠢ ᠨᠡᠩ ᠰᠠᠶ᠋ᠢᠲᠤᠷ ᠥᠷᠨᠢᠭᠦᠯᠬᠦ᠎ᠳᠤ ᠰᠠᠶ᠋ᠢᠨ ᠰᠠᠭᠤᠷᠢ ᠲᠠᠯᠪᠢᠵᠤ ᠥᠭᠪᠡ᠃
      ᠫᠠᠶ᠋ᠢᠰᠠ ᠡᠯᠭᠦᠬᠦ ᠶᠣᠰᠣᠯᠠᠯ᠎ᠤᠨ ᠳᠠᠷᠠᠭ᠎ᠠ᠂ ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ ᠵᠢᠨ ᠭᠡᠰᠢᠭᠦᠨ ᠭᠦᠸᠧ ᠵᠧᠨ ᠴᠢᠶᠠᠨ ᠬᠥᠬᠡᠬᠣᠲᠠ ᠵᠢᠨ ᠰᠠᠶ᠋ᠢᠬᠠᠨ ᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ ᠭᠣᠣᠯ ᠬᠠᠷᠢᠭᠤᠴᠠᠯᠭ᠋ᠠᠲᠠᠨ᠎ᠢ ᠳᠠᠭ᠋ᠠᠭᠤᠯᠤᠨ ᠴᠡᠴᠡᠭ᠎ᠤᠨ ᠪᠦᠮᠪᠦᠯᠢᠭ ᠤᠷᠠᠯᠢᠭ᠎ᠤᠨ ᠰᠤᠷᠭ᠋ᠠᠨ ᠬᠥᠮᠦᠵᠢᠯ᠎ᠤᠨ ᠠᠵᠢᠯᠲᠠᠳ᠎ᠲᠠᠢ ᠶᠠᠷᠢᠯᠴᠠᠬᠤ ᠬᠤᠷᠠᠯ ᠬᠢᠵᠦ᠂ ᠬᠣᠶᠠᠷ ᠲᠠᠯ᠎ᠠ᠎ᠪᠠᠷ ᠵᠶ᠋ᠠᠨ ᠬᠡᠷᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠳᠣᠲᠣᠭ᠋ᠠᠳᠤ ᠵᠢ ᠬᠠᠮᠠᠭ᠋ᠠᠯᠠᠬᠤ ᠰᠣᠶᠣᠯ᠎ᠢ ᠪᠠᠳᠠᠷᠠᠭᠤᠯᠬᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠡᠭᠦᠨ᠎ᠤ ᠤᠯᠠᠮ ᠵᠶ᠋ᠠᠷ ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ ᠤᠷᠠᠯᠢᠭ᠎ᠤᠨ ᠵᠣᠬᠢᠶᠠᠨ ᠪᠦᠲᠦᠭᠡᠯᠭᠡ ᠵᠢ ᠶᠡᠬᠡᠪᠡᠷ ᠠᠬᠢᠭᠤᠯᠵᠤ᠂ ᠬᠠᠨᠳᠤᠯᠭ᠎ᠠ᠎ᠲᠠᠢ᠂ ᠲᠥᠯᠥᠪᠵᠢᠭᠦᠯᠭᠡ᠎ᠲᠠᠢ᠎ᠪᠠᠷ ᠰᠤᠷᠭ᠋ᠠᠨ ᠬᠥᠮᠦᠵᠢᠯ᠎ᠢ ᠪᠠᠶᠠᠷ ᠴᠡᠩᠭᠡᠯ᠎ᠳᠤ ᠠᠬᠤᠭᠤᠯᠤᠭᠰᠠᠨ ᠤᠳᠬ᠎ᠠ ᠤᠷᠠᠯᠢᠭ᠎ᠤᠨ ᠪᠦᠲᠦᠭᠡᠯ᠎ᠢ ᠨᠠᠶ᠋ᠢᠷᠠᠭᠤᠯᠤᠨ ᠵᠣᠬᠢᠶᠠᠵᠤ᠂ ᠣᠯᠠᠨ ᠬᠡᠯᠪᠡᠷᠢ ᠵᠢᠨ ᠰᠣᠶᠣᠯ᠎ᠤᠨ ᠪᠦᠲᠦᠭᠡᠯ ᠵᠶ᠋ᠠᠷ ᠳᠠᠮᠵᠢᠭᠤᠯᠤᠨ᠂ ᠨᠠᠮ᠎ᠤᠨ ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠮᠡᠳᠡᠯᠭᠡ ᠵᠢ ᠦᠵᠡᠭᠴᠢᠳ ᠨᠢᠭᠡᠪᠦᠷᠢ ᠵᠢᠨ ᠳᠡᠷᠭᠡᠳᠡ ᠬᠦᠷᠭᠡᠵᠦ᠂ ᠳᠠᠶ᠋ᠢᠴᠢᠨ ᠬᠠᠨᠢ ᠨᠢᠭᠡᠪᠦᠷᠢ ᠵᠢᠨ ᠳᠡᠷᠭᠡᠳᠡ ᠬᠦᠷᠭᠡᠵᠦ᠂ ᠬᠠᠤᠯᠢ᠎ᠪᠠᠷ ᠵᠠᠰᠠᠬᠤ ᠢᠳᠡᠪᠬᠢ ᠬᠦᠴᠦᠨ᠎ᠢ ᠬᠠᠷᠢᠶ᠎ᠠ ᠣᠷᠣᠨ᠎ᠤ᠎ᠪᠠᠨ ᠠᠷᠠᠳ ᠣᠯᠠᠨ᠎ᠤ ᠰᠡᠳᠬᠢᠯ᠎ᠳᠤ ᠳᠠᠮᠵᠢᠭᠤᠯᠬᠤ ᠵᠡᠷᠭᠡ ᠠᠭᠤᠯᠭ᠎ᠠ ᠵᠢ ᠭᠦᠨᠵᠡᠭᠡᠢ ᠰᠣᠯᠢᠯᠴᠠᠵᠤ᠂ ᠪᠣᠳᠣᠯ ᠰᠠᠨᠠᠯ ᠵᠶ᠋ᠠᠨ ᠰᠣᠯᠢᠯᠴᠠᠵᠠᠢ᠃

2023年呼和浩特市赛罕区公安乌兰牧骑庆“七一”《公安心向党 护航新征程》主题文艺汇演 (2).jpg


      ᠣᠶ᠋ᠢᠯᠠᠭ᠋ᠠᠭᠰᠠᠨ ᠵᠶ᠋ᠠᠷ᠂ ᠲᠤᠰ ᠤᠳᠠᠭ᠋ᠠᠨ᠎ᠤ ᠫᠠᠶ᠋ᠢᠰᠠ ᠡᠯᠭᠦᠬᠦ ᠶᠣᠰᠣᠯᠠᠯ᠎ᠠᠴᠠ ᠡᠮᠦᠨ᠎ᠡ᠂ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠬᠥᠬᠡᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠬᠦᠴᠦᠲᠡᠢ ᠳᠡᠮᠵᠢᠯᠭᠡ ᠳᠣᠣᠷ᠎ᠠ᠂ ᠲᠣᠮᠣ ᠬᠡᠯᠪᠡᠷᠢ ᠵᠢᠨ ᠤᠷᠠᠨ ᠰᠠᠶ᠋ᠢᠬᠠᠨ᠎ᠤ ᠬᠠᠮᠲᠤᠷᠠᠭᠰᠠᠨ ᠲᠣᠭᠯᠠᠯᠲᠠ ᠵᠢ 2 ᠤᠳᠠᠭ᠎ᠠ ᠡᠷᠬᠢᠯᠡᠵᠦ᠂ ᠣᠯᠠᠨ ᠤᠳᠠᠭ᠎ᠠ ᠪᠠᠭ᠎ᠠ ᠬᠡᠯᠪᠡᠷᠢ ᠵᠢᠨ ᠤᠷᠠᠨ ᠰᠠᠶ᠋ᠢᠬᠠᠨ᠎ᠤ ᠲᠣᠭᠯᠠᠯᠲᠠ ᠭᠠᠷᠭ᠋ᠠᠵᠤ᠂ ᠤᠳᠠᠭ᠎ᠠ ᠪᠦᠷᠢ ᠵᠢᠨ ᠭᠣᠶ᠋ᠢᠳᠠ ᠰᠠᠶ᠋ᠢᠬᠠᠨ ᠴᠤᠭᠯᠠᠭ᠋ᠠᠨ᠎ᠨᠢ ᠴᠥᠮ ᠨᠠᠮ᠎ᠤᠨ ᠳᠠᠭᠤᠨ᠎ᠢ ᠳᠠᠮᠵᠢᠭᠤᠯᠵᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢ ᠰᠠᠶ᠋ᠢᠲᠤᠷ ᠬᠢᠵᠦ᠂ ᠴᠠᠭᠳᠠᠭ᠋ᠠᠨ᠎ᠤ ᠬᠤᠸᠠᠷᠠᠨ᠎ᠤ ᠦᠯᠢᠭᠡᠷ᠎ᠢ ᠤᠯᠠᠮᠵᠢᠯᠠᠵᠤ᠂ ᠳᠣᠲᠣᠭ᠋ᠠᠳᠤ ᠵᠢ ᠬᠠᠮᠠᠭ᠋ᠠᠯᠠᠬᠤ ᠰᠣᠶᠣᠯ᠎ᠢ ᠦᠨᠳᠦᠰᠦᠨ ᠱᠠᠲᠤᠨ᠎ᠳᠤ ᠳᠡᠯᠭᠡᠷᠡᠭᠦᠯᠬᠦ ᠵᠢ ᠠᠬᠢᠭᠤᠯᠵᠤ᠂ ᠲᠣᠭᠯᠠᠯᠲᠠ ᠪᠦᠷᠢ ᠵᠢᠨ ᠨᠠᠷᠢᠨ ᠨᠢᠭᠲᠠ ᠵᠢᠷᠤᠭ ᠲᠥᠯᠥᠪᠯᠡᠭᠡ᠎ᠨᠢ ᠴᠥᠮ ᠡᠮᠦᠨ᠎ᠡ ᠹᠷᠣᠨᠲ᠎ᠤᠨ ᠳᠠᠶ᠋ᠢᠴᠢᠨ ᠨᠥᠬᠥᠳ ᠵᠢᠴᠢ ᠠᠷᠠᠳ ᠣᠯᠠᠨ᠎ᠳᠤ ᠬᠠᠶ᠋ᠢᠷ᠎ᠠ ᠬᠠᠯᠠᠮᠵᠢ ᠪᠠ ᠪᠠᠶᠠᠷ ᠪᠠᠬᠠᠳᠤᠯ ᠬᠦᠷᠭᠡᠪᠡ᠃

微信图片_20230713155058.jpg


      ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ ᠪᠣᠯᠤᠨ ᠴᠡᠴᠡᠭ᠎ᠤᠨ ᠪᠦᠮᠪᠦᠯᠢᠭ ᠤᠷᠠᠯᠢᠭ᠎ᠤᠨ ᠰᠤᠷᠭ᠋ᠠᠨ ᠬᠥᠮᠦᠵᠢᠯ᠎ᠨᠢ ᠤᠷᠲᠤ ᠬᠤᠭᠤᠴᠠᠭ᠋ᠠᠨ᠎ᠤ᠂ ᠨᠢᠭᠲᠠ᠂ ᠪᠣᠳᠠᠲᠤ ᠦᠷ᠎ᠡ ᠪᠦᠲᠦᠮᠵᠢ᠎ᠲᠠᠢ ᠬᠠᠮᠲᠤᠷᠠᠯᠴᠠᠭ᠋ᠠᠨ᠎ᠤ ᠬᠠᠷᠢᠴᠠᠭ᠎ᠠ ᠵᠢ ᠪᠠᠶ᠋ᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠰᠣᠶᠣᠯ᠎ᠤᠨ ᠠᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠪᠣᠯᠤᠨ᠎ᠠ᠃ 《ᠰᠠᠶ᠋ᠢᠬᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ》 ᠭᠡᠬᠦ ᠡᠨᠡ ᠬᠦ᠌ ᠨᠡᠷᠡᠲᠦ ᠲᠡᠮᠳᠡᠭ᠎ᠢ ᠪᠤᠰᠬᠠᠵᠦ᠂ ᠨᠡᠷ᠎ᠡ ᠨᠢᠳᠡᠷ᠎ᠲᠤ᠎ᠪᠠᠨ ᠨᠡᠶ᠋ᠢᠴᠡᠭᠰᠡᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ  ᠨᠡᠷᠡᠲᠦ ᠲᠡᠮᠳᠡᠭᠲᠦ ᠪᠣᠯᠭ᠋ᠠᠬᠤ ᠬᠡᠷᠡᠭᠲᠡᠢ᠃

 

ᠢᠷᠡᠯᠲᠡ᠄ ᠬᠦᠬᠡᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ