《ᠵᠤᠨ᠎ᠤ ᠤᠯᠠᠷᠢᠯ᠎ᠤᠨ ᠠᠵᠢᠯᠯᠠᠭ᠎ᠠ》 ᠡᠬᠢᠯᠡᠭᠰᠡᠨ᠎ᠠᠴᠠ ᠨᠠᠭ᠋ᠠᠰᠢ᠂ ᠰᠢᠯᠢ ᠵᠢᠨ ᠭᠣᠣᠯ ᠠᠢ᠌ᠮᠠᠭ᠎ᠤᠨ ᠡᠷᠢᠶᠡᠨ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠥᠷᠭᠡᠨ ᠤᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ᠎ᠬᠢᠨ ᠴᠡᠭᠴᠡᠯᠡᠨ ᠵᠠᠰᠠᠵᠤ ᠴᠣᠬᠢᠯᠲᠠ ᠥᠭᠬᠦ ᠨᠢᠭᠡᠳᠦᠭᠡᠷ ᠹᠷᠣᠨᠲ᠎ᠢ ᠪᠠᠲᠤ ᠰᠠᠬᠢᠵᠤ᠂ ᠰᠢᠷᠭ᠋ᠠᠭᠤ ᠬᠠᠲᠠᠭᠤᠵᠢᠯᠲᠠᠢ ᠴᠢᠷᠮᠠᠶ᠋ᠢᠯᠭ᠎ᠠ᠎ᠪᠠᠷ ᠵᠶ᠋ᠠᠨ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ᠎ᠢ ᠬᠠᠮᠠᠭ᠋ᠠᠯᠠᠭᠰᠠᠭ᠋ᠠᠷ ᠢᠷᠡᠵᠠᠢ᠃ ᠡᠷᠴᠢ ᠵᠣᠷᠢᠭ᠎ᠢ ᠬᠥᠪᠴᠢᠯᠡᠵᠦ᠂ ᠲᠡᠮᠡᠴᠡᠯ᠎ᠤᠨ ᠵᠣᠷᠢᠭ᠎ᠢ ᠬᠦᠭᠵᠢᠶᠡᠬᠦ ᠵᠢᠨ ᠲᠥᠯᠥᠭᠡ᠂ 9 ᠰᠠᠷ᠎ᠠ ᠵᠢᠨ 15᠎ᠤ ᠡᠳᠦᠷ᠂ ᠡᠷᠢᠶᠡᠨ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠡᠷᠢᠶᠠᠨ ᠬᠣᠲᠠ ᠵᠢᠨ ᠤᠯᠠᠭ᠋ᠠᠨᠮᠥ᠋ᠴᠢᠷ᠎ᠤᠨ᠎ᠬᠢᠨ᠎ᠲᠠᠢ ᠬᠤᠯᠪᠤᠭ᠋ᠠᠯᠠᠨ ᠳ᠋ᠦᠩ ᠴᠧᠩ ᠲᠣᠮᠢᠯᠠᠭᠰᠠᠨ ᠰᠠᠯᠪᠤᠷᠢ᠎ᠳᠤ ᠬᠦᠷᠴᠦ᠂ 《ᠵᠣᠨ᠎ᠤ ᠤᠯᠠᠷᠢᠯ᠎ᠤᠨ ᠠᠵᠢᠯᠯᠠᠭ᠎ᠠ》 ᠵᠢᠨ ᠲᠣᠬᠣᠨᠢᠭᠤᠯᠬᠤ ᠲᠣᠭᠯᠠᠯᠲᠠ ᠭᠠᠷᠭ᠋ᠠᠵᠤ᠂ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠬᠠᠢ᠌ᠷ᠎ᠠ ᠬᠠᠯᠠᠮᠵᠢᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠬᠦᠷᠭᠡᠪᠡ᠃

ᠲᠣᠭᠯᠠᠯᠲᠠ᠎ᠨᠢ 《ᠠᠵᠢᠨᠠᠢ ᠬᠦᠯᠦᠭ》 ᠲᠠᠭᠤᠤ᠎ᠪᠠᠷ ᠬᠥᠰᠢᠭᠡ᠎ᠪᠠᠨ ᠰᠡᠬᠦᠵᠦ᠂ ᠲᠠᠯᠠᠪᠠᠢ᠎ᠳᠤ ᠪᠠᠢ᠌ᠭᠰᠠᠨ ᠪᠦᠬᠦᠢ᠍ᠯᠡ ᠦᠵᠡᠭᠴᠢᠳ᠎ᠤᠨ ᠤᠷᠮ᠎ᠠ ᠵᠢ ᠬᠦᠭᠵᠢᠭᠡᠪᠡ᠃
ᠰᠠᠺᠠᠰ ᠬᠦᠭᠵᠢᠮ᠎ᠤᠨ ᠭᠤᠴᠤᠯᠠᠯ ᠠᠶ᠎ᠠ 《ᠰᠢᠨ᠎ᠡ ᠮᠠᠯᠴᠢᠳ᠎ᠤᠨ ᠳᠠᠭᠤᠯᠠᠯ》᠎ᠨᠢ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ᠎ᠲᠤ ᠴᠠᠭᠳᠠᠭ᠎ᠠ ᠵᠢᠨ ᠬᠤᠸᠠᠷᠠᠨ᠎ᠤ ᠦᠪᠡᠷᠮᠢᠴᠡ ᠰᠤᠳᠤᠨ ᠰᠤᠶᠤᠯ᠎ᠤᠨ ᠨᠠᠢ᠌ᠷ᠎ᠢ ᠬᠦᠷᠭᠡᠵᠠᠢ᠃
ᠳᠤᠪᠴᠢᠶᠠᠨ᠎ᠤ ᠤᠯᠠᠭ᠋ᠠᠨᠮᠦ᠋ᠴᠢᠷ ᠵᠢᠨ ᠭᠡᠰᠢᠭᠦᠨ ᠳᠠᠭᠤᠯᠠᠭᠰᠠᠨ 《ᠬᠠᠷᠢ ᠨᠤᠲᠤᠭ᠎ᠤᠨ ᠬᠦᠮᠦᠨ》 《ᠬᠤᠨ ᠭᠠᠯᠠᠭᠤ》 ᠲᠠᠭᠤᠤ᠎ᠨᠢ ᠡᠭᠡᠰᠢᠭ ᠰᠠᠢ᠌ᠬᠠᠨ ᠠᠶᠠᠯᠭᠤ᠎ᠪᠠᠷ ᠤᠯᠠᠨ᠎ᠤ ᠰᠤᠨᠤᠷ᠎ᠢ ᠪᠠᠶᠠᠰᠬᠠᠪᠠ᠃

ᠠᠷᠠᠳ᠎ᠤᠨ ᠴᠠᠭᠳᠠᠭ᠎ᠠ ᠨᠠᠷ᠎ᠤᠨ ᠤᠶᠠᠩᠭ᠋ᠠᠯᠠᠭᠰᠠᠨ 《ᠠᠷᠠᠳ᠎ᠤᠨ ᠴᠠᠭᠳᠠᠭ᠎ᠠ ᠵᠢᠨ ᠮᠠᠭᠲᠠᠭ᠋ᠠᠯ》᠎ᠨᠢ᠂ ᠡᠷᠢᠶᠡᠨ ᠬᠤᠲᠠ ᠵᠢᠨ ᠲᠤᠲᠤᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠡᠭᠦᠷᠭᠡ ᠬᠠᠷᠢᠭᠤᠴᠠᠯᠭ᠎ᠠ᠎ᠳᠤ᠎ᠪᠠᠨ ᠦᠨᠡᠨᠴᠢ᠂ ᠦᠭᠡᠳᠡᠯᠡᠨ ᠲᠠᠪᠰᠢᠬᠤ ᠴᠤᠭ ᠵᠢᠪᠬᠤᠯᠠᠩᠢ ᠬᠠᠷᠠᠭᠤᠯᠤᠭᠰᠠᠨ ᠪᠠᠢ᠌ᠨ᠎ᠠ᠃
ᠭᠣᠶ᠋ᠢᠳᠠ ᠰᠠᠶ᠋ᠢᠬᠠᠨ ᠲᠣᠭᠯᠠᠯᠲᠠ᠎ᠨᠢ ᠠᠷᠠᠳ᠎ᠤᠨ ᠴᠠᠭᠳᠠᠭ᠎ᠠ ᠵᠢᠨ ᠦᠨᠡᠨᠴᠢ ᠰᠢᠳᠤᠷᠭᠤ ᠮᠥᠨ ᠴᠢᠨᠠᠷ ᠪᠠ ᠠᠷᠠᠳ ᠲᠦᠮᠡᠨ᠎ᠤ ᠲᠥᠯᠥᠭᠡ ᠵᠢᠳᠬᠦᠬᠦ ᠰᠡᠳᠬᠢᠯᠭᠡ ᠵᠢ ᠢᠯᠡᠷᠡᠭᠦᠯᠵᠦ᠂ ᠥᠷᠭᠡᠨ ᠣᠯᠠᠨ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠵᠢᠯ᠎ᠤᠨ ᠶᠠᠳᠠᠷᠠᠭ᠎ᠠ ᠵᠢ ᠲᠠᠢ᠌ᠯᠵᠤ᠂ ᠡᠷᠢᠶᠡᠨ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠬᠠᠢ᠌ᠷ᠎ᠠ ᠬᠠᠯᠠᠮᠵᠢᠢ ᠳᠠᠮᠵᠢᠭᠤᠯᠵᠤ᠂ ᠴᠠᠭᠳᠠᠭ᠋ᠠᠨ ᠬᠤᠸᠠᠷᠠᠨ᠎ᠤ ᠰᠣᠶᠣᠯ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠥᠷᠭᠡᠨ ᠣᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠵᠢᠯ ᠦᠢ᠍ᠯᠡᠰ ᠵᠶ᠋ᠠᠨ ᠭᠡᠵᠦ ᠲᠡᠮᠡᠴᠡᠵᠦ ᠶᠠᠪᠤᠬᠤ ᠤᠷᠭᠢᠯᠤᠮ᠎ᠠ ᠰᠡᠳᠬᠢᠯᠭᠡ ᠵᠢ ᠬᠥᠭᠵᠢᠭᠡᠵᠡᠶ᠃

ᠠᠵᠢᠯᠯᠠᠭ᠎ᠠ ᠵᠢᠨ ᠡᠴᠦᠰ᠎ᠲᠤ᠂ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠪᠦᠷᠢᠯᠳᠦᠬᠦᠨ ᠨᠡᠷ ᠨᠢᠭᠡᠳᠦᠭᠡᠷ ᠹᠷᠣᠨᠲ᠎ᠤᠨ ᠰᠠᠯᠠᠭ᠎ᠠ ᠮᠥᠴᠢᠷ᠎ᠲᠤ ᠲᠣᠬᠣᠨᠢᠭᠤᠯᠬᠤ ᠪᠣᠳᠠᠰ ᠭᠠᠷᠳᠠᠭᠤᠯᠤᠨ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ᠎ᠤᠨ ᠦᠷᠭᠦᠯᠵᠢᠯᠡᠨ ᠮᠠᠷᠠᠢ᠌ᠨ ᠵᠢᠳᠬᠦᠵᠦ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠪᠥᠬᠥ ᠬᠦᠴᠦᠨ ᠵᠶ᠋ᠠᠷ ᠵᠶ᠋ᠠᠨ ᠬᠠᠮᠠᠭ᠋ᠠᠯᠠᠨ᠂ ᠠᠷᠠᠳ ᠲᠦᠮᠡᠨ᠎ᠤ ᠠᠮᠤᠷ ᠲᠣᠭᠲᠠᠭᠤᠨ᠎ᠢ ᠪᠠᠲᠤᠯᠠᠬᠤ ᠲᠠᠯ᠎ᠠ᠎ᠪᠠᠷ ᠭᠠᠷᠭ᠋ᠠᠭᠰᠠᠨ ᠴᠢᠷᠮᠠᠶ᠋ᠢᠯᠭ᠎ᠠ ᠵᠢ ᠰᠠᠢ᠌ᠰᠢᠶᠠᠬᠤ ᠵᠢᠨ ᠬᠠᠮᠲᠤ ᠲᠡᠳᠡᠨ᠎ᠳᠤ ᠠᠵᠢᠯᠯᠠᠵᠤ ᠠᠮᠠᠷᠠᠬᠤ᠎ᠪᠠᠨ ᠤᠶᠠᠯᠳᠤᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠎ᠲᠠᠢ᠂ ᠴᠣᠭ ᠵᠢᠪᠬᠤᠭ᠎ᠠ ᠪᠠᠳᠠᠷᠠᠩᠭᠤᠶ᠎ᠪᠠᠷ 《ᠵᠣᠨ᠎ᠤ ᠤᠯᠠᠷᠢᠯ᠎ᠤᠨ ᠠᠵᠢᠯᠯᠠᠭ᠎ᠠ》 ᠵᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃