ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠴᠠᠭᠳᠠᠭᠠᠨ ᠬᠤᠸᠠᠷᠠᠨ ᠰᠣᠶᠣᠯ
110 ᠲᠥᠭᠰᠢᠭᠦᠷᠢ ᠮᠡᠳᠡᠭᠦᠯᠦᠯᠳᠡ ᠵᠢ ᠬᠦᠯᠢᠶᠡᠨ ᠠᠪᠴᠤ ᠴᠠᠭᠳᠠᠭ᠎ᠠ ᠲᠣᠮᠢᠯᠠᠬᠤ ᠲᠠᠪᠴᠠᠩ ᠰᠢᠨ᠎ᠡ ᠠᠶᠠᠨ ᠵᠠᠮ᠎ᠳᠤ ᠠᠮᠤᠷ ᠲᠦᠪᠰᠢᠨ᠎ᠢ ᠰᠠᠬᠢᠨ ᠬᠠᠮᠠᠭ᠋ᠠᠯᠠᠪᠠ
ᠨᠡᠶ᠋ᠢᠲᠡᠯᠡᠭᠰᠡᠨ ᠴᠠᠭ᠄ 2024-01-31

    1 ᠳ᠋ᠦ᠍ᠭᠡᠷ ᠰᠠᠷ᠎ᠠ ᠵᠢᠨ 10᠎ᠤ ᠡᠳᠦᠷ ᠪᠣᠯ ᠳᠥᠷᠪᠡᠳᠡᠬᠢ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ᠎ᠤᠨ ᠡᠳᠦᠷ᠂ ᠮᠥᠨ ᠴᠦ᠍ ᠪᠦᠬᠦ ᠤᠯᠤᠰ᠎ᠤᠨ 38 ᠳ᠋ᠤᠭ᠋ᠠᠷ 110᠎ᠤᠨ ᠤᠬᠠᠭᠤᠯᠭ᠎ᠠ ᠵᠢᠨ ᠡᠳᠦᠷ ᠪᠣᠯᠤᠨ᠎ᠠ᠂ ᠲᠤᠰ ᠡᠳᠦᠷ ᠡᠯ᠎ᠡ ᠵᠦᠢ᠍ᠯ᠎ᠤᠨ ᠬᠡᠯᠪᠡᠷᠢ᠎ᠪᠠᠷ 《ᠬᠢᠩᠭ᠋ᠠᠨ 110》᠎ᠤᠨ ᠡᠷᠴᠢ ᠵᠣᠷᠢᠭ ᠵᠶ᠋ᠠᠨ ᠬᠥᠪᠴᠢᠯᠡᠨ ᠡᠷᠡᠯᠬᠡᠭᠯᠡᠨ ᠤᠷᠤᠭᠰᠢᠯᠠᠬᠤ ᠰᠠᠶ᠋ᠢᠨ ᠰᠠᠶ᠋ᠢᠬᠠᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠳᠡᠯᠭᠡᠨ ᠦᠵᠡᠭᠦᠯᠬᠦ᠂ ᠰᠢᠨ᠎ᠡ ᠴᠠᠭ ᠦᠶ᠎ᠡ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 110 ᠲᠥᠭᠰᠢᠭᠦᠷᠢ ᠮᠡᠳᠡᠭᠦᠯᠦᠯᠳᠡ ᠵᠢ ᠬᠦᠯᠢᠶᠡᠨ ᠠᠪᠴᠤ ᠰᠢᠢ᠍ᠳᠪᠦᠷᠢᠯᠡᠬᠦ ᠠᠵᠢᠯ᠎ᠤᠨ ᠰᠢᠨ᠎ᠡ ᠳᠡᠭᠲᠡᠷ᠎ᠲᠤ ᠭᠠᠷᠬᠤ ᠵᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠦᠭᠡ᠂ ᠬᠢᠩᠭ᠋ᠠᠨ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠢᠮᠡᠭᠡ ᠮᠡᠳᠡᠭᠡᠨ᠎ᠤ ᠵᠢᠯᠣᠭᠤᠳᠬᠤ ᠲᠥᠪ᠎ᠠᠴᠠ ᠭᠤᠣᠯᠯᠠᠨ ᠡᠷᠬᠢᠯᠡᠵᠦ᠂ ᠤᠯᠠᠭ᠋ᠠᠨᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠢᠮᠡᠭᠡ ᠮᠡᠳᠡᠭᠡᠨ᠎ᠤ ᠵᠢᠯᠣᠭᠤᠳᠬᠤ ᠲᠥᠪ᠎ᠠᠴᠠ ᠬᠠᠮᠵᠢᠨ ᠡᠷᠬᠢᠯᠡᠭᠰᠡᠡ 2024 ᠣᠨ᠎ᠤ

《ᠬᠠᠲᠠᠭᠤᠵᠢᠨ ᠲᠡᠮᠡᠴᠡᠬᠦ 110 ᠨᠢᠭᠡ ᠰᠡᠳᠭᠢᠯ ᠵᠶ᠋ᠠᠷ ᠠᠷᠠᠳ ᠲᠥᠮᠡᠨ᠎ᠳᠤ ᠦᠢ᠍ᠯᠡᠴᠢᠯᠡᠨ ᠠᠮᠤᠷ ᠲᠤᠭᠳᠠᠭᠤᠨ᠎ᠢ ᠬᠠᠮᠠᠭ᠋ᠠᠯᠠᠬᠤ》 ᠭᠡᠬᠦ ᠭᠤᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠬᠢᠩᠭ᠋ᠠᠨ ᠠᠶ᠋ᠢᠮᠠᠭ᠎ᠤᠨ ᠸᠠᠨ ᠳ᠋ᠠ ᠠᠭᠤᠳᠠᠮ ᠲᠠᠯᠠᠪᠠᠢ᠎ᠳᠤ ᠦᠪᠡᠳᠡᠭᠰᠢ ᠶᠡᠬᠡᠪᠡᠷ ᠶᠠᠪᠤᠭᠳᠠᠪᠠ᠃

 1.jpg 


    ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠬᠢᠩᠭ᠋ᠠᠨ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠢᠮᠡᠭᠡ ᠮᠡᠳᠡᠭᠡᠨ᠎ᠤ ᠵᠢᠯᠣᠭᠤᠳᠬᠤ ᠲᠥᠪ᠎ᠠᠴᠠ ᠥᠷᠭᠡᠨ ᠤᠯᠠᠨ ᠲᠦᠮᠡᠨ᠎ᠳᠤ ᠣᠳᠣᠬᠠᠨ᠎ᠤ 《ᠪᠦᠬᠦ ᠠᠶ᠋ᠢᠮᠠᠭ ᠨᠢᠭᠡ ᠲᠠᠪᠴᠠᠩ》 110 ᠲᠥᠭᠰᠢᠭᠦᠷᠢ ᠮᠡᠳᠡᠭᠦᠯᠦᠯᠳᠡ ᠵᠢ ᠬᠦᠯᠢᠶᠡᠨ ᠠᠪᠴᠤ ᠴᠠᠭᠳᠠᠭ᠎ᠠ ᠲᠣᠮᠢᠯᠠᠨ ᠬᠡᠷᠡᠭ ᠰᠢᠢ᠍ᠳᠪᠦᠷᠢᠯᠡᠭᠰᠡᠨ ᠥᠭᠡᠷᠡᠴᠢᠯᠡᠯᠲᠡ ᠵᠢᠨ ᠦᠷ᠎ᠡ ᠪᠦᠲᠦᠮᠵᠢ ᠵᠢ ᠬᠠᠷᠢᠭᠤ ᠮᠡᠳᠡᠭᠦᠯᠵᠦ᠂ ᠤᠯᠠᠨ ᠲᠦᠮᠡᠨ᠎ᠳᠤ ᠣᠳᠣᠬᠠᠨ᠎ᠤ ᠲᠥᠭᠰᠢᠭᠦᠷᠢ ᠮᠡᠳᠡᠭᠦᠯᠦᠯᠳᠡ ᠵᠢ ᠬᠦᠯᠢᠶᠡᠨ ᠠᠪᠴᠤ ᠴᠠᠭᠳᠠᠭ᠎ᠠ ᠲᠣᠮᠢᠯᠠᠭᠰᠠᠨ ᠠᠵᠢᠯ᠎ᠢ ᠰᠢᠭᠤᠳ ᠤᠢ᠍ᠢ᠍ᠯᠠᠭ᠋ᠠᠭᠤᠯᠵᠠᠢ᠃ ᠳᠠᠷᠠᠭ᠎ᠠ᠎ᠨᠢ ᠬᠢᠩᠭ᠋ᠠᠨ᠎ᠤ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ ᠲᠣᠭᠯᠠᠭᠴᠢᠳ ᠲᠤᠬᠠᠢ ᠵᠢᠨ ᠲᠠᠯᠠᠪᠠᠢ᠎ᠳᠤ ᠭᠤᠶ᠋ᠢᠳᠠ ᠰᠠᠶ᠋ᠢᠬᠠᠨ ᠲᠣᠭᠯᠠᠯᠲᠠ ᠭᠠᠷᠭ᠋ᠠᠵᠤ᠂ ᠱᠠᠩᠨᠠᠯ᠎ᠲᠠᠢ ᠠᠰᠠᠭᠤᠯᠲᠠ ᠬᠠᠷᠢᠭᠤᠯᠲᠠ ᠵᠢᠨ ᠬᠠᠷᠢᠯᠴᠠᠨ ᠦᠢ᠍ᠯᠡᠳᠦᠯᠴᠡᠬᠦ ᠭᠤᠭᠴᠤᠭ᠎ᠠ ᠲᠤᠬᠢᠷᠠᠭᠤᠯᠵᠤ᠂ ᠲᠤᠬᠠᠢ ᠵᠢᠨ ᠲᠠᠯᠠᠪᠠᠢ ᠵᠢᠨ ᠤᠯᠠᠨ ᠲᠦᠮᠡᠨ᠎ᠤ ᠢᠳᠡᠪᠬᠢᠵᠢᠯ᠎ᠢ ᠳᠡᠭᠡᠭᠰᠢᠯᠡᠭᠦᠯᠦᠨ᠂ ᠲᠤᠰ ᠤᠳᠠᠭ᠎ᠠ ᠵᠢᠨ ᠠᠵᠢᠯᠯᠠᠭ᠎ᠠ ᠵᠢ ᠤᠷᠬᠢᠯ᠎ᠳᠤ᠎ᠨᠢ ᠬᠦᠷᠭᠡᠪᠡ᠃

 5.png 


    ᠲᠣᠰ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ᠎ᠪᠠᠷ ᠳᠠᠮᠵᠢᠭᠤᠯᠤᠨ᠂ ᠴᠠᠭᠳᠠᠭ᠎ᠠ ᠠᠷᠠᠳ᠎ᠤᠨ ᠬᠠᠷᠢᠴᠠᠭ᠎ᠠ ᠵᠢ ᠤᠯᠠᠮ ᠨᠢᠭᠡ ᠠᠯᠬᠤᠮ ᠣᠶ᠋ᠢᠷᠠᠲᠤᠭᠤᠯᠵᠤ᠂ ᠠᠷᠠᠳ ᠣᠯᠠᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠲᠤᠬᠠᠶ ᠣᠶ᠋ᠢᠯᠠᠭ᠋ᠠᠯᠲᠠ ᠪᠠ ᠳᠡᠮᠵᠢᠯᠭᠡ ᠵᠢ ᠨᠡᠮᠡᠭᠳᠡᠭᠦᠯᠦᠨ᠂ ᠣᠯᠠᠨ ᠲᠦᠮᠡᠨ᠎ᠤ ᠲᠠᠢ᠌ᠪᠤᠩᠲᠤ ᠰᠡᠳᠬᠢᠯᠭᠡ ᠪᠠ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠲᠤᠬᠠᠶ ᠬᠠᠨᠤᠮᠵᠢ ᠵᠢᠨ ᠬᠡᠮᠵᠢᠶ᠎ᠡ ᠵᠢ ᠪᠥᠬᠦ ᠲᠠᠯ᠎ᠠ᠎ᠪᠠᠷ ᠳᠡᠭᠡᠭᠰᠢᠯᠡᠭᠦᠯᠪᠡ᠃

 

ᠢᠷᠡᠯᠲᠡ᠄ ᠬᠢᠩᠭ᠋ᠠᠨ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ