ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠴᠠᠭᠳᠠᠭᠠᠨ ᠬᠤᠸᠠᠷᠠᠨ ᠰᠣᠶᠣᠯ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠎ᠠ ᠵᠢᠨ ᠬᠤᠸᠠᠷᠠᠨ᠎ᠤ ᠤᠷᠠᠨ ᠪᠢᠴᠢᠯᠭᠡ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-02-22

    

   ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭ᠋ᠠᠮᠵᠢᠯᠠᠵᠤ᠂ ᠴᠠᠭ᠋ᠠᠨ ᠰᠠᠷ᠎ᠠ ᠵᠢᠨ ᠴᠠᠭᠳᠠᠭ᠎ᠠ ᠵᠢᠨ ᠬᠤᠸᠠᠷᠠᠨ᠎ᠤ ᠪᠣᠯᠪᠠᠰᠤᠨ ᠬᠦᠷ ᠬᠦᠭᠵᠢᠶᠡᠨ᠎ᠲᠠᠢ ᠠᠭᠤᠷ ᠠᠮᠢᠰᠬᠤᠯ᠎ᠢ ᠪᠣᠢ ᠪᠣᠯᠭ᠋ᠠᠬᠤ ᠵᠢᠨ ᠲᠥᠯᠥᠭᠡ᠂ 2 ᠰᠠᠷ᠎ᠠ ᠵᠢᠨ 3᠎ᠤ ᠡᠳᠦᠷ᠎ᠤᠨ ᠦᠳᠡ ᠵᠢᠨ ᠡᠮᠦᠨ᠎ᠡ᠂ ᠦᠬᠠᠶ ᠬᠣᠲᠠ ᠵᠢᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠡᠷᠢᠭᠦᠯᠡᠭᠴᠢ ᠰᠦᠨ ᠯᠸ ᠵᠡᠷᠭᠡ ᠭᠤᠷᠪᠠᠭᠤᠯᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠬᠦᠷᠴᠦ 《ᠤᠷᠠᠨ ᠪᠢᠴᠢᠯᠭᠡ ᠵᠢ ᠴᠠᠭᠳᠠᠭ᠎ᠠ ᠵᠢᠨ ᠬᠤᠸᠠᠷᠠᠨ᠎ᠳᠤ ᠪᠢᠴᠢᠭᠯᠡᠵᠦ᠂ ᠴᠠᠭ᠋ᠠᠨ ᠰᠠᠷ᠎ᠠ ᠵᠢ ᠤᠭᠲᠤᠨ ᠬᠣᠤᠰ ᠤᠶᠠᠩᠭ᠎ᠠ ᠪᠡᠯᠭᠡᠯᠡᠬᠦ》 ᠠᠵᠢᠯᠯᠠᠭ᠎ᠠ ᠥᠷᠨᠢᠭᠦᠯᠪᠡ᠃ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ᠯᠢ ᠰᠢᠶᠤᠤ ᠹᠠᠨ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠨᠠᠮ᠎ᠤᠨ ᠬᠣᠷᠢᠶᠠᠨ᠎ᠤ ᠭᠡᠰᠢᠭᠦᠨ᠂ ᠤᠯᠤᠰ ᠲᠥᠷᠥ ᠵᠢᠨ ᠬᠡᠯᠲᠡᠰ᠎ᠤᠨ ᠡᠷᠬᠢᠯᠡᠭᠴᠢ ᠭᠦᠸᠧ ᠴᠢᠶᠠᠩ ᠪᠣᠯᠤᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠡᠢ᠌ᠲᠡ 20 ᠭᠠᠷᠤᠶ ᠲᠥᠯᠥᠭᠡᠯᠡᠭᠴᠢ ᠲᠤᠰ ᠠᠵᠢᠯᠯᠠᠭ᠎ᠠ᠎ᠳᠤ ᠣᠷᠣᠯᠴᠠᠪᠠ᠃

微信图片_20240205111140.jpg


    ᠡᠨᠡ ᠵᠢᠯ᠎ᠤᠨ ᠬᠣᠣᠰ ᠤᠶᠠᠩᠭ᠎ᠠ ᠵᠢ ᠦᠬᠠᠶ ᠬᠣᠲᠠ ᠵᠢᠨ ᠤᠷᠠᠨ ᠪᠢᠴᠢᠯᠭᠡᠲᠡᠨ᠎ᠤ ᠨᠡᠶ᠋ᠢᠭᠡᠮᠯᠢᠭ᠎ᠤᠨ ᠠᠯᠳᠠᠷᠲᠤ ᠤᠷᠠᠨ ᠪᠢᠴᠢᠯᠭᠡᠲᠡᠨ ᠸᠠᠩ ᠾᠧᠦ ᠰᠢᠶᠤᠤ᠂ ᠯᠸᠢ ᠫᠢᠩ᠂ ᠯᠢ ᠯᠢ ᠽᠧᠩ᠂ ᠸᠠᠩ ᠰᠥᠩ ᠰᠥᠩ ᠵᠡᠷᠭᠡ ᠲᠡᠷᠢᠭᠦᠯᠡᠭᠴᠢᠳ᠎ᠤᠨ ᠪᠦᠯᠬᠦᠮ᠎ᠤᠨ ᠪᠦᠷᠢᠯᠳᠦᠬᠦᠨ ᠨᠡᠷ ᠪᠢᠴᠢᠵᠦ᠂ ᠤᠷᠠᠨ ᠪᠢᠴᠢᠯᠭᠡᠲᠡᠨ ᠨᠡᠷ ᠤᠷᠠᠨ ᠪᠢᠴᠢᠯᠭᠡ ᠵᠢᠨ ᠪᠦᠲᠦᠭᠡᠯ᠎ᠤᠳ ᠵᠶ᠋ᠠᠷ ᠨᠢᠭᠡ ᠵᠢᠯ᠎ᠤᠨ ᠲᠤᠷᠰᠢ ᠠᠵᠢᠯ᠎ᠤᠨ ᠪᠠᠶ᠋ᠢᠷᠢ᠎ᠪᠠᠨ ᠪᠠᠲᠤ ᠰᠠᠬᠢᠵᠤ᠂ ᠠᠮᠤᠷ ᠠᠮᠤᠭᠤᠯᠠᠩ᠎ᠢ ᠰᠠᠬᠢᠨ ᠬᠠᠮᠠᠭ᠋ᠠᠯᠠᠵᠤ ᠪᠠᠶ᠋ᠢᠭ᠎ᠠ ᠪᠦᠬᠦ ᠬᠣᠲᠠ ᠵᠢᠨ ᠥᠷᠭᠡᠨ ᠣᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠪᠠᠶᠠᠷ᠎ᠤᠨ ᠡᠳᠦᠷ᠎ᠤᠨ ᠢᠷᠥᠭᠡᠯ ᠳᠡᠪᠰᠢᠭᠦᠯᠵᠡᠶ᠃
    ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠲᠡᠷᠢᠭᠦᠯᠡᠭᠴᠢ ᠰᠦᠨ ᠯᠸ᠂ ᠨᠢᠭᠡ ᠵᠢᠯ᠎ᠤᠨ ᠲᠤᠷᠰᠢ᠂ ᠦᠬᠠᠢ ᠵᠢᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ 《ᠠᠮᠤᠷ ᠠᠮᠤᠭᠤᠯᠠᠩ ᠦᠬᠠᠢ》 ᠵᠢᠨ ᠪᠦᠳᠦᠭᠡᠨ ᠪᠠᠶ᠋ᠢᠭᠤᠯᠤᠯᠲᠠ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠵᠦ᠂ ᠪᠦᠬᠦ ᠬᠤᠳᠠ ᠵᠢᠨ ᠰᠣᠶᠣᠯ᠎ᠤᠨ ᠠᠵᠢᠯᠯᠠᠭ᠎ᠠ ᠵᠢ ᠡᠮᠬᠢ ᠵᠢᠷᠤᠮ᠎ᠲᠠᠢ ᠥᠷᠨᠢᠭᠦᠯᠬᠦ᠎ᠳᠤ ᠰᠢᠷᠭ᠋ᠠᠭᠤ ᠬᠠᠲᠠᠭᠤᠵᠢᠯᠲᠠᠢ ᠴᠢᠷᠮᠠᠶ᠋ᠢᠯᠭ᠎ᠠ ᠭᠠᠷᠭ᠋ᠠᠭᠰᠠᠨ ᠪᠠᠶ᠋ᠢᠨ᠎ᠠ᠃ ᠴᠠᠭ᠋ᠠᠨ ᠰᠠᠷ᠎ᠠ ᠬᠦᠷᠴᠦ ᠢᠷᠡᠬᠦ ᠲᠠᠰᠢᠷᠠᠮ᠎ᠳᠤ᠂ ᠲᠤᠰ ᠤᠳᠠᠭ᠎ᠠ ᠵᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠯᠤᠭ᠎ᠠ ᠵᠢᠨ ᠰᠣᠶᠣᠯ᠎ᠤᠨ ᠬᠠᠮᠲᠤ ᠵᠢᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠢᠳᠡᠪᠬᠢ ᠬᠦᠴᠦᠨ᠎ᠢ ᠤᠯᠠᠮᠵᠢᠯᠠᠬᠤ᠂ ᠭᠣᠣᠯ ᠬᠦᠭ ᠠᠶᠠᠰ᠎ᠢ ᠳᠠᠭᠤᠯᠠᠬᠤ ᠰᠣᠶᠣᠯ᠎ᠤᠨ ᠠᠵᠢᠯᠯᠠᠭ᠎ᠠ ᠵᠢ ᠬᠠᠮᠲᠤᠪᠠᠷ ᠵᠣᠬᠢᠶᠠᠨ ᠪᠠᠶ᠋ᠢᠭᠤᠯᠵᠤ ᠥᠷᠨᠢᠭᠦᠯᠬᠦ ᠵᠢ ᠬᠦᠰᠡᠵᠦ ᠪᠠᠶ᠋ᠢᠨ᠎ᠠ ᠭᠡᠵᠦ ᠢᠯᠡᠳᠬᠡᠪᠡ᠃

微信图片_20240205111201.jpg


    ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ᠯᠢ ᠰᠢᠶᠤᠤ ᠹᠠᠨ ᠦᠬᠠᠢ ᠬᠤᠳᠠ ᠵᠢᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠴᠢ ᠦᠬᠠᠢ ᠬᠤᠳᠠ ᠵᠢᠨ ᠤᠷᠠᠨ ᠪᠢᠴᠢᠯᠭᠡᠲᠡᠨ᠎ᠤ ᠬᠦᠷᠦᠯᠴᠡᠨ ᠢᠷᠡᠭᠰᠡᠨ᠎ᠢ ᠬᠠᠯᠠᠭᠤᠨ ᠵᠶ᠋ᠠᠷ ᠤᠭᠲᠤᠵᠤ ᠪᠠᠶ᠋ᠢᠬᠤ ᠪᠠ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠡᠭᠦᠨ᠎ᠤ ᠵᠡᠷᠭᠡ᠎ᠳᠤ᠂ ᠰᠣᠶᠣᠯ ᠵᠶ᠋ᠠᠷ ᠴᠠᠭᠳᠠᠭ᠎ᠠ ᠵᠢ ᠬᠥᠮᠦᠵᠢᠭᠦᠯᠬᠦ ᠪᠣᠯ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠪᠠᠶ᠋ᠢᠭᠤᠯᠤᠯᠲᠠ ᠵᠢᠨ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠰᠣᠶᠣᠯ᠎ᠤᠨ ᠪᠠᠶ᠋ᠢᠭᠤᠯᠤᠯᠲᠠ ᠪᠣᠯ ᠡᠩᠨᠡᠭᠡᠨ᠎ᠤ ᠳᠠᠶ᠋ᠢᠴᠢᠨ ᠬᠦᠴᠦᠨ᠎ᠢ ᠴᠢᠩᠭ᠋ᠠᠷᠠᠭᠤᠯᠬᠤ 《ᠵᠥᠭᠡᠯᠡᠨ ᠪᠣᠳᠠᠲᠤ ᠬᠦᠴᠦᠨ》 ᠮᠥᠨ᠃ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠰᠣᠶᠣᠯ᠎ᠤᠨ ᠴᠠᠭᠳᠠᠭ᠎ᠠ ᠵᠢ ᠬᠥᠮᠦᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠡᠭᠦᠨ᠎ᠢ ᠰᠢᠨ᠎ᠡ ᠴᠠᠭ ᠦᠶ᠎ᠡ ᠵᠢᠨ ᠥᠨᠳᠥᠷ ᠬᠡᠪ ᠪᠣᠯᠪᠠᠰᠤᠷᠠᠯ᠎ᠲᠠᠢ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢ ᠪᠠᠶ᠋ᠢᠭᠤᠯᠬᠤ ᠰᠢᠰᠲ᠋ᠧᠮᠲᠦ ᠢᠨᠵᠧᠨᠧᠷᠢᠩ ᠪᠣᠯᠭ᠋ᠠᠨ ᠢᠮᠠᠭᠲᠠ ᠴᠥᠬᠥᠷᠡᠰᠢ ᠥᠬᠡᠶ ᠠᠳᠬᠤᠭᠰᠠᠭ᠋ᠠᠷ ᠢᠷᠡᠵᠡᠶ ᠭᠡᠵᠦ ᠵᠢᠭ᠋ᠠᠵᠤ ᠭᠠᠷᠭ᠋ᠠᠪᠠ᠃ ᠲᠡᠷᠡ᠂ ᠲᠣᠰ ᠤᠳᠠᠭ᠋ᠠᠨ᠎ᠤ ᠠᠵᠢᠯᠯᠠᠭ᠎ᠠ᠎ᠨᠢ ᠴᠠᠭᠳᠠᠭ᠎ᠠ ᠠᠷᠠᠳ᠎ᠤᠨ ᠰᠣᠶᠣᠯ᠎ᠤᠨ ᠰᠣᠯᠢᠯᠴᠠᠭ᠎ᠠ ᠵᠢ ᠠᠬᠢᠭᠤᠯᠵᠤ᠂ ᠴᠠᠭᠳᠠᠭ᠋ᠠᠨ᠎ᠤ ᠬᠤᠸᠠᠷᠠᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠴᠠᠭᠳᠠᠭ᠎ᠠ ᠵᠢᠨ ᠬᠤᠸᠠᠷᠠᠨ᠎ᠤ ᠰᠣᠶᠣᠯ᠎ᠤᠨ ᠪᠠᠶ᠋ᠢᠭᠤᠯᠤᠯᠲᠠ ᠵᠢ ᠬᠦᠴᠦᠲᠡᠶ ᠠᠬᠢᠭᠤᠯᠤᠭᠰᠠᠨ ᠪᠠᠶ᠋ᠢᠨ᠎ᠠ ᠭᠡᠵᠦ ᠢᠯᠡᠷᠬᠡᠢ᠌ᠯᠡᠪᠡ᠃

微信图片_20240205111131.jpg


    ᠳᠠᠷᠠᠭ᠋ᠠᠴᠢ ᠵᠢᠨ ᠠᠯᠬᠤᠮ᠎ᠳᠤ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠤᠰ ᠤᠳᠠᠭ᠎ᠠ ᠵᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠤᠯᠤᠰ ᠲᠦᠷᠦ᠎ᠪᠠᠷ ᠴᠠᠭᠳᠠᠭ᠎ᠠ ᠵᠢ ᠪᠠᠶ᠋ᠢᠭᠤᠯᠬᠤ᠂ ᠰᠣᠶᠣᠯ ᠵᠶ᠋ᠠᠷ ᠴᠠᠭᠳᠠᠭ᠎ᠠ ᠵᠢ ᠬᠥᠮᠦᠵᠢᠭᠦᠯᠬᠦ ᠡᠯ᠎ᠡ ᠵᠦᠢ᠍ᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠰᠢᠨ᠎ᠡ ᠴᠠᠭ ᠦᠶ᠎ᠡ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ᠎ᠢ ᠤᠭᠲᠤᠬᠤ ᠢᠲᠡᠭᠡᠯ ᠵᠣᠷᠢᠭ ᠪᠠ ᠲᠡᠮᠡᠴᠡᠯ᠎ᠤᠨ ᠵᠣᠷᠢᠭ᠎ᠢ ᠦᠷᠭᠦᠯᠵᠢᠯᠡᠨ ᠬᠥᠭᠵᠢᠭᠡᠨ᠎ᠡ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ