ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠴᠠᠭᠳᠠᠭᠠᠨ ᠬᠤᠸᠠᠷᠠᠨ ᠰᠣᠶᠣᠯ
ᠬᠥᠯᠥᠨ ᠪᠣᠶ᠋ᠢᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ᠎ᠤᠨ ᠡᠳᠦᠷ᠎ᠢ ᠪᠡᠯᠡᠭᠯᠡᠬᠦ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ᠎ᠤᠨ ᠭᠣᠤᠯ ᠰᠡᠳᠦᠪᠲᠦ ᠦᠵᠡᠭᠦᠯᠦᠯᠭᠡ ᠡᠷᠭᠢᠯᠡᠪᠡ
ᠨᠡᠶ᠋ᠢᠲᠡᠯᠡᠭᠰᠡᠨ ᠴᠠᠭ᠄ 2024-01-07

      1 ᠰᠠᠷ᠎ᠠ ᠵᠢᠨ 6᠎ᠤ ᠡᠳᠦᠷ᠂ ᠬᠥᠯᠥᠨ ᠪᠤᠢ᠍ᠢ᠍ᠷ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠳᠣᠲᠣᠭ᠋ᠠᠳᠤ ᠵᠢ ᠬᠠᠮᠠᠭ᠋ᠠᠯᠠᠭᠴᠢ ᠨᠠᠮ᠎ᠤᠨ ᠵᠶ᠋ᠠᠨ᠎ᠲᠠᠭᠠᠨ ᠰᠢᠨ᠎ᠡ ᠠᠶᠠᠨ ᠵᠶ᠋ᠠᠨ ᠬᠠᠮᠠᠭ᠋ᠠᠯᠠᠶ᠎ᠠ》 — ᠳᠥᠷᠪᠡᠳᠡᠬᠢ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ᠎ᠤᠨ ᠡᠳᠦᠷ᠎ᠢ ᠪᠡᠯᠡᠭᠯᠡᠬᠦ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ᠎ᠤᠨ ᠭᠣᠣᠯ ᠰᠡᠳᠦᠪᠲᠦ ᠵᠢ ᠡᠷᠬᠢᠯᠡᠪᠡ᠃

11.jpg


13.jpg


      ᠦᠵᠡᠭᠦᠯᠦᠯᠭᠡ᠎ᠨᠢ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠴᠢᠬᠤᠯᠠ ᠶᠡᠬᠡ ᠭᠣᠣᠯ ᠰᠡᠳᠦᠪ᠂ ᠴᠢᠬᠤᠯᠠ ᠶᠡᠬᠡ ᠬᠡᠷᠡᠭ ᠶᠠᠪᠤᠳᠠᠯ᠂ ᠴᠢᠬᠤᠯᠠ ᠠᠵᠢᠯᠯᠠᠭ᠎ᠠ᠎ᠪᠠᠷ ᠭᠣᠣᠯᠯᠠᠭᠰᠠᠨ ᠪᠦᠲᠦᠭᠡᠯ᠎ᠤᠳ᠎ᠢ ᠳᠡᠯᠭᠡᠨ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠡᠩᠨᠡᠭᠡᠨ᠎ᠤ ᠪᠠᠶ᠋ᠢᠭᠤᠯᠤᠯᠲᠠ᠂ ᠠᠮᠤᠷ ᠲᠣᠭᠲᠠᠭᠤᠨ᠎ᠢ ᠬᠠᠮᠠᠭ᠋ᠠᠯᠠᠬᠤ᠂ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠂ ᠤᠯᠠᠨ ᠲᠦᠮᠡᠨ᠎ᠳᠤ ᠦᠢ᠍ᠯᠡᠴᠢᠯᠡᠬᠦ ᠵᠡᠷᠭᠡ ᠲᠠᠯ᠎ᠠ᠎ᠪᠠᠷ᠎ᠬᠢ ᠠᠵᠢᠯ᠎ᠤᠨ ᠠᠮᠵᠢᠯᠲᠠ ᠪᠦᠲᠦᠮᠵᠢ ᠪᠣᠯᠤᠨ ᠰᠡᠳᠬᠢᠯ ᠬᠥᠳᠡᠯᠭᠡᠮ᠎ᠡ ᠦᠯᠢᠭᠡᠷ᠎ᠢ ᠠᠮᠢᠳᠤᠯᠢᠭ ᠵᠶ᠋ᠠᠷ ᠢᠯᠡᠷᠡᠭᠦᠯᠵᠦ᠂ ᠰᠢᠨ᠎ᠡ ᠴᠠᠭ ᠦᠶ᠎ᠡ ᠵᠢᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠷᠠᠳ᠎ᠤᠨ ᠲᠥᠯᠥᠭᠡ ᠦᠨᠡᠨᠴᠢ ᠰᠢᠳᠤᠷᠭᠤ᠎ᠪᠠᠷ ᠵᠢᠳᠬᠦᠬᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠰᠠᠢ᠍ᠢ᠍ᠨ ᠰᠠᠶ᠋ᠢᠬᠠᠨ ᠲᠦᠷᠢ ᠲᠥᠷᠬᠦ ᠵᠢ ᠪᠦᠲᠦᠭᠡᠭᠰᠡᠨ ᠪᠠᠶ᠋ᠢᠨ᠎ᠠ᠃

ᠢᠷᠡᠯᠲᠡ᠄ ᠬᠥᠯᠥᠨ ᠪᠣᠶ᠋ᠢᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ