ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠴᠠᠭᠳᠠᠭᠠᠨ ᠬᠤᠸᠠᠷᠠᠨ ᠰᠣᠶᠣᠯ
ᠰᠦᠩᠱ᠌ᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠬᠣᠶᠠᠳᠤᠭ᠋ᠠᠷ ᠬᠤᠭᠤᠴᠠᠭ᠋ᠠᠨ᠎ᠤ ᠴᠠᠬᠢᠮ ᠦᠷᠢᠰᠦᠯᠳᠦᠭᠡᠨ᠎ᠤ ᠤᠷᠤᠯᠳᠤᠭ᠋ᠠᠨ ᠶᠠᠪᠤᠭᠤᠯᠪᠠ
ᠨᠡᠶ᠋ᠢᠲᠡᠯᠡᠭᠰᠡᠨ ᠴᠠᠭ᠄ 2024-05-14

      ᠴᠠᠭᠳᠠᠭ᠋ᠠᠨ᠎ᠤ ᠬᠤᠸᠠᠷᠠᠨ᠎ᠤ ᠰᠣᠶᠣᠯ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠶᠠᠯᠢᠭᠵᠢᠭᠤᠯᠬᠤ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠵᠠᠯᠠᠭᠤ ᠨᠠᠰᠤᠨ᠎ᠤ ᠴᠣᠭ ᠵᠢᠪᠬᠤᠭ᠎ᠠ᠂ ᠢᠳᠡᠪᠬᠢᠲᠡᠶ᠎ᠪᠠᠷ ᠥᠭᠡᠳᠡᠯᠡᠨ ᠳᠠᠪᠰᠢᠬᠤ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠪᠥᠬᠥ ᠲᠠᠯ᠎ᠠ᠎ᠪᠠᠷ ᠢᠯᠡᠷᠡᠭᠦᠯᠬᠦ᠂ ᠪᠥᠬᠥ ᠴᠠᠭᠳᠠᠭ᠋ᠠᠨ᠎ᠤ ᠪᠦᠯᠬᠦᠮ᠎ᠤᠨ ᠤᠬᠠᠮᠰᠠᠷ᠂ ᠥᠷᠢᠰᠥᠯᠳᠦᠭᠡᠨ᠎ᠤ ᠵᠣᠷᠢᠭ ᠰᠠᠨᠠᠭ᠎ᠠ ᠪᠠ ᠬᠠᠮᠲᠤ ᠵᠢᠨ ᠨᠢᠭᠲᠠᠷᠠᠯ᠎ᠤᠨ ᠬᠦᠴᠦᠨ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠲᠠᠪᠤᠨ ᠰᠠᠷ᠎ᠠ ᠵᠢᠨ ᠳᠥᠷᠪᠡᠨ᠎ᠤ ᠵᠠᠯᠠᠭᠤᠴᠤᠳ᠎ᠤᠨ ᠪᠠᠶᠠᠷ ᠬᠦᠷᠴᠦ ᠢᠷᠡᠬᠦ ᠲᠠᠰᠢᠷᠠᠮ᠎ᠳᠤ ᠰᠦᠩᠱ᠌ᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠬᠣᠶᠠᠳᠤᠭ᠋ᠠᠷ ᠬᠤᠭᠤᠴᠠᠭ᠋ᠠᠨ᠎ᠤ ᠴᠠᠬᠢᠮ ᠦᠷᠢᠰᠦᠯᠳᠦᠭᠡᠨ᠎ᠤ ᠤᠷᠤᠯᠳᠤᠭ᠋ᠠᠨ ᠶᠠᠪᠤᠭᠤᠯᠪᠠ᠃

微信图片_20240508160910.jpg


      ᠲᠤᠰ ᠤᠳᠠᠭ᠎ᠠ ᠵᠢᠨ ᠤᠷᠤᠯᠳᠤᠭ᠋ᠠᠨ᠎ᠨᠢ 《ᠸᠠᠩ᠎ᠤᠨ ᠢᠷᠠᠭᠤ ᠠᠯᠳᠠᠷ》᠂ 《ᠪᠠᠭ᠋ᠠᠲᠤᠷᠴᠤᠳ᠎ᠤᠨ ᠬᠣᠯᠪᠣᠭ᠎ᠠ》 ᠵᠡᠷᠭᠡ ᠲᠣᠭᠯᠠᠭ᠋ᠠᠮ ᠵᠶ᠋ᠠᠷ ᠤᠷᠤᠯᠳᠤᠭ᠋ᠠᠨ᠎ᠤ ᠲᠦᠷᠦᠯ ᠵᠦᠢ᠍ᠯ ᠪᠣᠯᠭ᠋ᠠᠵᠤ᠂ ᠬᠤᠪᠢᠶᠠᠷᠢ ᠲᠣᠪᠴᠢᠶ᠎ᠠ ᠵᠢᠨ ᠡᠯ᠎ᠡ ᠠᠩᠬᠢ ᠵᠢᠨ 70 ᠨᠡᠷᠡᠰ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠪᠠᠷ ᠪᠦᠷᠢᠯᠳᠦᠭᠰᠡᠨ 14  ᠠᠩᠬᠢ ᠵᠢᠷᠭᠤᠭ᠋ᠠᠨ ᠳᠤᠭᠤᠶ᠋ᠢᠯᠠᠩ ᠬᠤᠪᠢᠶᠠᠨ ᠤᠷᠤᠯᠳᠤᠭ᠋ᠠᠨ ᠶᠠᠪᠤᠭᠤᠯᠵᠠᠢ᠃

微信图片_20240508160630.jpg


      ᠡᠯ᠎ᠡ ᠲᠠᠯ᠎ᠠ ᠵᠢᠨ ᠢᠯᠭᠤᠮ ᠤᠷᠤᠭᠰᠢᠲᠠᠢ ᠠᠵᠢᠯ ᠵᠶ᠋ᠠᠷ ᠳᠠᠮᠵᠢᠨ᠂ ᠡᠨᠡ ᠤᠳᠠᠭ᠋ᠠᠨ᠎ᠤ ᠴᠠᠬᠢᠮ ᠦᠷᠢᠰᠦᠯᠳᠦᠭᠡᠨ᠎ᠤ ᠤᠷᠤᠯᠳᠤᠭ᠋ᠠᠨ᠎ᠨᠢ᠂ ᠠᠷᠠᠳ᠎ᠤᠨ ᠴᠠᠭᠳᠠᠭ᠎ᠠ ᠨᠠᠷ᠎ᠲᠤ ᠣᠯᠳᠠᠬᠤᠶ᠎ᠠ ᠪᠡᠷᠬᠡ ᠰᠤᠯᠠ ᠰᠡᠯᠡᠭᠦᠦ ᠴᠠᠭ ᠬᠠᠩᠭ᠋ᠠᠵᠤ᠂ ᠡᠯ᠎ᠡ ᠠᠩᠭᠢ᠂ ᠡᠯ᠎ᠡ ᠴᠠᠭᠳᠠᠭ᠋ᠠᠨ᠎ᠤ ᠲᠥᠷᠥᠯ᠎ᠤᠨ ᠬᠣᠭᠣᠷᠣᠨᠳᠣᠬᠢ ᠬᠠᠷᠢᠯᠴᠠᠭ᠎ᠠ ᠪᠠ ᠪᠦᠯᠬᠦᠮᠳᠡᠯ᠎ᠢ ᠴᠢᠩᠭ᠋ᠠᠳᠬᠠᠵᠤ᠂ ᠪᠠᠰᠠ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠵᠢ ᠨᠡᠮᠡᠭᠳᠡᠭᠦᠯᠵᠦ᠂ ᠥᠷᠭᠡᠨ ᠣᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠡᠷᠴᠢ ᠵᠣᠷᠢᠭ ᠵᠶ᠋ᠠᠷ ᠰᠦᠩᠱ᠌ᠠᠨ ᠲᠣᠭᠣᠷᠢᠭ᠎ᠤᠨ ᠠᠮᠤᠷ ᠲᠦᠪᠰᠢᠨ ᠲᠣᠭᠲᠠᠭᠤᠨ᠎ᠳᠤ ᠨᠠᠩ ᠶᠡᠬᠡ ᠬᠦᠴᠦᠨ ᠴᠢᠳᠠᠯ ᠵᠶ᠋ᠠᠨ ᠡᠷᠭᠦᠬᠦ ᠵᠢ ᠪᠦᠲᠦᠮᠵᠢᠲᠡᠶ᠎ᠪᠠᠷ ᠤᠷᠮᠠᠰᠢᠭᠤᠯᠤᠨ ᠵᠣᠷᠢᠭᠵᠢᠭᠤᠯᠵᠠᠶ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ