ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠴᠠᠭᠳᠠᠭᠠᠨ ᠬᠤᠸᠠᠷᠠᠨ ᠰᠣᠶᠣᠯ
ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《8 · 1》᠎ᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-08-21

      7 ᠰᠠᠷ᠎ᠠ ᠵᠢᠨ 30᠎ᠤ ᠡᠳᠦᠷ᠂ 97 ᠳ᠋ᠤᠭ᠋ᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠎ᠤᠨ ᠴᠡᠷᠢᠭ ᠪᠠᠶ᠋ᠢᠭᠤᠯᠤᠭᠳᠠᠭᠰᠠᠨ ᠪᠠᠶᠠᠷ᠎ᠤᠨ ᠡᠳᠦᠷ ᠬᠦᠷᠴᠦ ᠢᠷᠡᠬᠦ ᠲᠠᠰᠢᠷᠠᠮ ᠵᠶ᠋ᠠᠷ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠠᠭᠳᠠᠭ᠎ᠠ ᠵᠢ ᠬᠠᠶ᠋ᠢᠷᠠᠯᠠᠬᠤ ᠠᠵᠢᠯ᠎ᠤᠨ ᠠᠯᠪᠠᠨ ᠬᠡᠷ᠎ᠠᠴᠠ 《ᠴᠡᠷᠢᠭ ᠴᠠᠭᠳᠠᠭ᠎ᠠ ᠬᠠᠮᠲᠤ᠎ᠪᠠᠷ ᠪᠠᠶ᠋ᠢᠭᠤᠯᠬᠤ · 〈ᠨᠠᠢ᠍ᠮᠠ ᠰᠠᠷ᠎ᠠ ᠵᠢᠨ ᠨᠢᠭᠡᠨ〉᠎ᠢ ᠬᠠᠮᠲᠤ᠎ᠪᠠᠷ ᠪᠡᠯᠭᠡᠯᠡᠬᠦ》 ᠭᠣᠤᠯ ᠰᠡᠳᠦᠪᠲᠦ ᠰᠢᠷᠢᠰ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠦᠬᠠᠶ ᠵᠢᠨ ᠴᠡᠷᠢᠭ᠎ᠤᠨ ᠬᠤᠪᠢᠶᠠᠷᠢ ᠲᠣᠭᠣᠷᠢᠭ᠂ ᠦᠬᠠᠶ ᠬᠣᠲᠠ ᠵᠢᠨ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠬᠡᠷᠡᠭ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠤᠳᠤᠷᠢᠳᠤᠯᠭ᠎ᠠ ᠵᠢᠴᠢ ᠪᠥᠬᠥ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠡᠷᠢᠭ᠎ᠤᠨ ᠠᠯᠪᠠᠨ᠎ᠠᠴᠠ ᠬᠠᠯᠠᠭᠳᠠᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠲᠥᠯᠥᠭᠡᠯᠡᠭᠴᠢ ᠲᠣᠰ ᠠᠵᠢᠯᠯᠠᠭ᠎ᠠ᠎ᠳᠤ ᠣᠷᠣᠯᠴᠠᠵᠠᠶ᠃

微信图片_20240815175856.jpg


      ᠨᠢᠭᠡ᠂ ᠴᠡᠷᠢᠭ ᠴᠠᠭᠳᠠᠭ᠎ᠠ ᠵᠢᠨ ᠶᠠᠷᠢᠯᠴᠠᠬᠤ ᠬᠤᠷᠠᠯ
      ᠶᠠᠷᠢᠯᠴᠠᠬᠤ ᠬᠤᠷᠠᠯ ᠳᠡᠭᠡᠷ᠎ᠡ᠂ ᠴᠡᠷᠢᠭ᠎ᠤᠨ ᠠᠯᠪᠠᠨ᠎ᠠᠴᠠ ᠬᠠᠯᠠᠭᠳᠠᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠲᠥᠯᠥᠭᠡᠯᠡᠭᠴᠢ ᠥᠪᠡᠷ ᠥᠪᠡᠷ᠎ᠤᠨ ᠴᠡᠷᠢᠭ ᠪᠠᠶ᠋ᠢᠭᠰᠠᠨ᠎ᠠᠴᠠ᠎ᠪᠠᠨ ᠴᠠᠭᠳᠠᠭ᠎ᠠ ᠪᠣᠯᠤᠭᠰᠠᠨ ᠥᠩᠭᠡᠷᠡᠯᠲᠡ ᠵᠢᠨ ᠲᠥᠷᠥᠭᠳᠡᠯ ᠵᠶ᠋ᠠᠨ ᠲᠤᠰ ᠲᠤᠰ ᠬᠤᠪᠢᠶᠠᠯᠴᠠᠪᠠ᠃ ᠦᠬᠠᠢ ᠵᠢᠨ ᠴᠡᠷᠢᠭ᠎ᠤᠨ ᠬᠤᠪᠢᠶᠠᠷᠢ ᠲᠣᠭᠣᠷᠢᠭ᠂ ᠬᠤᠳᠠ ᠵᠢᠨ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠬᠡᠷᠡᠭ ᠶᠠᠪᠤᠳᠠᠯ᠎ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠤᠳᠤᠷᠢᠳᠤᠯᠭ᠎ᠠ ᠴᠡᠷᠢᠭ᠎ᠤᠨ ᠠᠯᠪᠠᠨ᠎ᠠᠴᠠ ᠬᠠᠯᠠᠭᠳᠠᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠪᠠᠶᠠᠷ᠎ᠤᠨ ᠡᠳᠦᠷ᠎ᠤᠨ ᠵᠥᠩᠨᠡᠯ ᠪᠠ ᠰᠠᠢ᠍ᠢ᠍ᠨ ᠰᠠᠶ᠋ᠢᠬᠠᠨ ᠵᠥᠩᠨᠡᠯ ᠳᠡᠪᠰᠢᠭᠦᠯᠵᠡᠢ᠃ ᠬᠤᠷᠠᠯ ᠳᠡᠭᠡᠷ᠎ᠡ ᠪᠠᠰᠠ ᠪᠦᠬᠦ ᠴᠡᠷᠢᠭ᠎ᠠᠴᠠ ᠬᠠᠯᠠᠭᠳᠠᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠭᠤᠷᠪᠠᠨ ᠲᠠᠯ᠎ᠠ ᠵᠢᠨ ᠬᠦᠰᠡᠯ ᠲᠠᠯᠪᠢᠵᠤ᠂ ᠲᠡᠳᠡᠨ᠎ᠢ ᠥᠪᠡᠷ ᠥᠪᠡᠷ᠎ᠤᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠦᠷᠭᠦᠯᠵᠢᠯᠡᠨ ᠭᠡᠷᠡᠯ ᠭᠢᠯᠪᠠᠭ᠎ᠠ᠎ᠪᠠᠨ ᠪᠠᠳᠠᠷᠠᠭᠤᠯᠵᠤ᠂ ᠴᠡᠷᠢᠭ ᠠᠩᠭᠢ ᠵᠢᠨ ᠳᠣᠲᠣᠷ᠎ᠠ᠎ᠠᠴᠠ ᠬᠥᠮᠦᠵᠢᠭᠦᠯᠵᠦ ᠭᠠᠷᠭ᠋ᠠᠭᠰᠠᠨ ᠰᠢᠯᠢᠳᠡᠭ ᠰᠤᠷᠲᠠᠯ ᠵᠶ᠋ᠠᠨ ᠪᠠᠳᠠᠷᠠᠭᠤᠯᠬᠤ ᠬᠡᠷᠡᠭᠲᠡᠶ ᠭᠡᠵᠦ ᠵᠣᠷᠢᠭᠵᠢᠭᠤᠯᠵᠠᠶ᠃

微信图片_20240815175906.jpg


      ᠬᠣᠶᠠᠷ᠂ ᠴᠡᠷᠢᠭ᠎ᠤᠨ ᠬᠤᠸᠠᠷᠠᠨ ᠵᠶ᠋ᠠᠨ ᠲᠠᠬᠢᠨ ᠰᠠᠨᠠᠭ᠋ᠠᠯᠵᠠᠪᠠ
     《ᠴᠡᠷᠢᠭ᠎ᠤᠨ ᠬᠤᠸᠠᠷᠠᠨ ᠵᠶ᠋ᠠᠨ ᠲᠠᠬᠢᠨ ᠰᠠᠨᠠᠭ᠋ᠠᠯᠵᠠᠬᠤ》 ᠠᠵᠢᠯᠯᠠᠭ᠎ᠠ ᠳᠤᠮᠳᠠ᠂ 20 ᠭᠠᠷᠤᠢ ᠴᠡᠷᠢᠭ᠎ᠤᠨ ᠠᠯᠪᠠᠨ᠎ᠠᠴᠠ ᠬᠠᠯᠠᠭᠳᠠᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠲᠥᠯᠥᠭᠡᠯᠡᠭᠴᠢ ᠦᠬᠠᠢ ᠬᠤᠳᠠ ᠵᠢᠨ ᠡᠷᠦᠭᠡ ᠵᠢᠨ ᠴᠡᠷᠢᠭ᠎ᠤᠨ ᠪᠣᠯᠪᠠᠰᠤᠷᠠᠯ᠎ᠤᠨ ᠰᠠᠭᠤᠷᠢᠨ᠎ᠤ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠦᠵᠢᠯ᠎ᠤᠨ ᠦᠵᠡᠭᠦᠯᠦᠯᠭᠡ ᠵᠢᠨ ᠲᠢᠩᠬᠢᠮ᠎ᠳᠤ ᠬᠦᠷᠴᠦ ᠲᠣᠭᠣᠷᠢᠨ ᠦᠵᠡᠪᠡ᠃ ᠤᠯᠠᠨ ᠵᠶ᠋ᠠᠷ ᠵᠶ᠋ᠠᠨ ᠴᠡᠷᠢᠭ᠎ᠤᠨ ᠬᠤᠸᠠᠷᠠᠨ᠎ᠤ ᠲᠡᠦᠬᠡ ᠵᠢ ᠲᠠᠬᠢᠨ ᠰᠠᠨᠠᠭ᠋ᠠᠯᠵᠠᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠦᠴᠦᠨ᠎ᠢ ᠣᠶ᠋ᠢᠯᠠᠭ᠋ᠠᠬᠤ ᠵᠢᠨ ᠬᠠᠮᠲᠤ ᠨᠠᠮ᠎ᠤᠨ ᠲᠤᠭ᠎ᠤᠨ ᠡᠮᠦᠨ᠎ᠡ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠲᠠᠬᠢᠨ ᠡᠷᠭᠢᠴᠡᠭᠦᠯᠪᠡ᠃

微信图片_20240815175929.jpg


      ᠲᠣᠰ ᠤᠳᠠᠭ᠋ᠠᠨ᠎ᠤ ᠠᠵᠢᠯᠯᠠᠭ᠎ᠠ᠎ᠪᠠᠷ ᠳᠡᠮᠵᠢᠨ᠂ ᠴᠡᠷᠢᠭ᠎ᠠᠴᠠ ᠬᠠᠯᠠᠭᠳᠠᠭᠰᠠᠳ᠎ᠤᠨ ᠦᠬᠠᠶ ᠵᠢᠨ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠳᠠᠬᠢ ᠬᠠᠷᠢᠶᠠᠯᠠᠭᠳᠠᠬᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠎ᠢ ᠤᠯᠠᠮ ᠨᠢᠭᠡ ᠠᠯᠬᠤᠮ ᠨᠡᠮᠡᠭᠳᠡᠭᠦᠯᠵᠦ᠂ ᠣᠯᠠᠨ ᠵᠶ᠋ᠠᠷ ᠵᠶ᠋ᠠᠨ ᠦᠬᠠᠶ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠬᠤᠪᠢ ᠪᠡᠶ᠎ᠡ ᠵᠢᠨ ᠬᠦᠴᠦᠨ ᠴᠢᠳᠠᠯ ᠵᠶ᠋ᠠᠨ ᠡᠷᠭᠦᠬᠦ ᠵᠢ ᠤᠯᠠᠮ ᠨᠢᠭᠡ ᠠᠯᠬᠤᠮ ᠵᠣᠷᠢᠭᠵᠢᠭᠤᠯᠵᠠᠶ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ