6 ᠳ᠋ᠤᠭ᠋ᠠᠷ ᠰᠠᠷ᠎ᠠ ᠵᠢᠨ 24᠎ᠤ ᠡᠳᠦᠷ᠂ ᠯᠢᠨ ᠾᠧ ᠲᠤᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ ᠯᠢᠨ ᠾᠧ ᠲᠤᠭᠤᠷᠢᠭ᠎ᠤᠨ ᠬᠤᠶᠠᠳᠤᠭ᠋ᠠᠷ ᠳᠤᠮᠳᠠᠳᠤ ᠰᠤᠷᠭ᠋ᠠᠭᠤᠯᠢ᠎ᠳᠤ ᠬᠦᠷᠴᠦ᠂ 《ᠳᠡᠯᠭᠡᠨ ᠦᠵᠡᠭᠦᠯᠬᠦ + ᠬᠤᠷᠰᠢᠯᠴᠠᠬᠤ + ᠲᠣᠭᠯᠠᠯᠲᠠ ᠭᠠᠷᠭ᠋ᠠᠬᠤ》 ᠬᠡᠯᠪᠡᠷᠢ᠎ᠪᠠᠷ 《ᠨᠠᠮ᠎ᠤᠨ ᠠᠴᠢ ᠵᠢ ᠮᠡᠳᠡᠷᠡᠬᠦ᠂ ᠨᠠᠮ᠎ᠤᠨ ᠦᠭᠡ ᠵᠢ ᠰᠤᠨᠤᠰᠬᠤ᠂ ᠨᠠᠮ ᠵᠶ᠋ᠠᠨ ᠳᠠᠭ᠋ᠠᠬᠤ》 ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 103 ᠵᠢᠯ᠎ᠤᠨ ᠣᠶ ᠵᠢ ᠪᠡᠯᠭᠡᠯᠡᠬᠦ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ᠎ᠨᠢ ᠴᠠᠭᠳᠠᠭᠤᠯ ᠨᠣᠬᠠᠢ ᠵᠢᠨ ᠭᠤᠶ᠋ᠢᠳᠠ ᠰᠠᠶ᠋ᠢᠬᠠᠨ ᠲᠣᠭᠯᠠᠯᠲᠠ᠎ᠪᠠᠷ ᠬᠥᠰᠢᠭᠡ᠎ᠪᠠᠨ ᠰᠡᠬᠦᠵᠦ᠂ ᠴᠠᠭᠳᠠᠭᠤᠯ ᠨᠣᠬᠠᠢ ᠵᠢᠨ ᠭᠤᠶ᠋ᠢᠳᠠ ᠰᠠᠶ᠋ᠢᠬᠠᠨ ᠢᠯᠡᠷᠡᠯ᠎ᠨᠢ ᠰᠤᠷᠤᠭᠴᠢᠳ᠎ᠢ ᠬᠠᠶ᠋ᠢᠷ᠎ᠠ ᠬᠦᠨᠳᠦᠳᠬᠡᠯ ᠵᠶ᠋ᠠᠷ ᠪᠢᠯᠬᠠᠭᠤᠯᠵᠠᠢ; 8 ᠮᠣᠷᠢᠲᠤ ᠴᠠᠭᠳᠠᠭ᠎ᠠ ᠵᠢᠯᠣᠭᠤᠴᠢ ᠵᠢᠨ ᠤᠷ᠎ᠠ ᠮᠡᠷᠭᠡᠵᠢᠯ ᠵᠶ᠋ᠠᠨ ᠭᠠᠶ᠋ᠢᠬᠠᠭᠤᠯᠤᠭᠰᠠᠨ ᠲᠣᠭᠯᠠᠯᠲᠠ ᠵᠢ ᠳᠡᠯᠭᠡᠨ ᠦᠵᠡᠭᠦᠯᠦᠭᠰᠡᠨ᠎ᠳᠤ ᠰᠤᠷᠤᠭᠴᠢᠳ᠎ᠨᠢ ᠲᠡᠳᠡᠨ᠎ᠤ ᠵᠢᠯᠣᠭᠤᠴᠢ ᠵᠢᠨ ᠪᠣᠯᠪᠠᠰᠤᠷᠠᠩᠭᠤᠶ ᠮᠡᠷᠭᠡᠵᠢᠯ᠎ᠳᠤ ᠲᠠᠲᠠᠭᠳᠠᠵᠤ᠂ ᠥᠪᠡᠷ᠎ᠤᠨ ᠡᠷᠬᠡ ᠦᠭᠡᠶ ᠠᠯᠠᠭ᠎ᠠ ᠲᠠᠰᠢᠨ᠂ ᠪᠠᠶᠠᠷᠯᠠᠨ ᠬᠥᠭᠡᠷᠦᠯᠳᠦᠵᠦ ᠪᠠᠶ᠋ᠢᠯ᠎ᠠ᠃ ᠴᠠᠭᠳᠠᠭ᠋ᠠᠨ᠎ᠤ ᠵᠢᠯᠣᠭᠤᠴᠢ ᠦᠭᠡᠢ ᠨᠢᠰᠬᠡᠯ᠂ ᠫᠤᠤ ᠵᠡᠪᠰᠡᠭ᠎ᠤᠨ ᠦᠵᠡᠭᠦᠯᠦᠯᠭᠡ᠎ᠨᠢ ᠲᠤᠬᠠᠢ ᠵᠢᠨ ᠲᠠᠯᠠᠪᠠᠢ ᠵᠢᠨ ᠪᠠᠭᠰᠢ ᠰᠤᠷᠤᠭᠴᠢᠳ᠎ᠢ ᠶᠡᠬᠡᠳᠡ ᠭᠠᠶ᠋ᠢᠬᠠᠰᠢ ᠠᠯᠳᠠᠭᠤᠯᠪᠠ᠃
ᠦᠵᠡᠭᠦᠯᠦᠯᠭᠡ ᠳᠠᠭᠤᠰᠤᠭᠰᠠᠨ᠎ᠤ ᠳᠠᠷᠠᠭ᠎ᠠ᠂ ᠠᠷᠠᠳ᠎ᠤᠨ ᠴᠠᠭᠳᠠᠭ᠎ᠠ᠎ᠠᠴᠠ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠬᠠᠤᠯᠢ᠂ ᠤᠰᠤᠨ᠎ᠳᠤ ᠴᠠᠴᠠᠬᠤ᠎ᠠᠴᠠ ᠰᠡᠷᠭᠡᠶ᠋ᠢᠯᠡᠬᠦ᠂ ᠴᠠᠬᠢᠯᠭ᠋ᠠᠨ ᠬᠤᠯᠪᠤᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠵᠡᠷᠭᠡ ᠮᠡᠳᠡᠯᠭᠡ ᠵᠢ ᠤᠬᠠᠭᠤᠯᠤᠨ ᠲᠠᠶ᠋ᠢᠯᠪᠤᠷᠢᠯᠠᠵᠤ᠂ ᠲᠤᠬᠠᠶ ᠵᠢᠨ ᠲᠠᠯᠠᠪᠠᠶ ᠵᠢᠨ ᠠᠭᠤᠷ ᠠᠮᠢᠰᠬᠤᠯ ᠬᠦᠷ ᠬᠥᠭᠵᠢᠶᠡᠨ᠎ᠲᠠᠢ ᠪᠠᠶ᠋ᠢᠵᠤ᠂ ᠮᠠᠰᠢ ᠰᠠᠶ᠋ᠢᠨ ᠦᠷ᠎ᠡ ᠪᠦᠲᠦᠮᠵᠢ ᠣᠯᠵᠠᠶ᠃
ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠯᠢᠨ ᠾᠧ ᠵᠢᠨ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ ᠭᠡᠰᠢᠭᠦᠳ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠲᠤᠬᠠᠢ ᠣᠶ᠋ᠢᠯᠠᠭ᠋ᠠᠯᠲᠠ᠎ᠲᠠᠢ᠎ᠪᠠᠨ ᠤᠶᠠᠯᠳᠤᠭᠤᠯᠵᠤ᠂ ᠳᠠᠭᠤᠤ ᠪᠥᠵᠢᠭ ᠵᠶ᠋ᠠᠷ ᠵᠶ᠋ᠠᠨ ᠨᠠᠮ᠎ᠳᠤ᠎ᠪᠠᠨ ᠦᠨᠡᠨᠴᠢ ᠰᠢᠳᠤᠷᠭᠤ᠂ ᠠᠷᠠᠳ ᠲᠦᠮᠡᠨ᠎ᠳᠤ ᠦᠢ᠍ᠯᠡᠴᠢᠯᠡᠬᠦ ᠴᠠᠭᠳᠠᠭ᠎ᠠ ᠵᠢᠨ ᠤᠤᠷ ᠴᠢᠨᠠᠷ᠎ᠢ ᠭᠦᠨᠵᠡᠭᠡᠢ ᠲᠠᠶ᠋ᠢᠯᠪᠤᠷᠢᠯᠠᠵᠤ᠂ ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ ᠲᠦᠮᠡᠨ᠎ᠤ ᠲᠥᠯᠥᠭᠡ ᠦᠢ᠍ᠯᠡᠴᠢᠯᠡᠬᠦ ᠰᠢᠯᠢᠳᠡᠭ ᠤᠯᠠᠮᠵᠢᠯᠠᠯ᠎ᠢ ᠭᠦᠢ᠍ᠴᠡᠳ ᠪᠠᠳᠠᠷᠠᠭᠤᠯᠪᠠ᠃