ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠴᠠᠭᠳᠠᠭᠠᠨ ᠬᠤᠸᠠᠷᠠᠨ ᠰᠣᠶᠣᠯ
ᠰᠥᠨᠢᠳ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠤᠨ᠎ᠤ ᠤᠯᠠᠷᠢᠯ᠎ᠤᠨ ᠠᠵᠢᠯᠯᠠᠭ᠎ᠠ ᠵᠢᠨ ᠳᠠᠢ᠌ᠨ᠎ᠤ ᠦᠶ᠎ᠡ ᠵᠢᠨ ᠲᠣᠬᠣᠨᠢᠭᠤᠯᠭ᠎ᠠ ᠵᠢᠴᠢ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ 《ᠨᠠᠢ᠍ᠮᠠᠨ ᠰᠠᠷ᠎ᠠ ᠵᠢᠨ ᠨᠢᠭᠡᠨ᠎ᠤ ᠴᠡᠷᠢᠭ ᠪᠠᠢ᠌ᠭᠤᠯᠤᠭᠳᠠᠭᠰᠠᠨ ᠪᠠᠶᠠᠷ》᠎ᠲᠤ ᠵᠣᠷᠢᠭᠤᠯᠤᠭᠰᠠᠨ ᠦᠨᠳᠦᠰᠦᠨ ᠱᠠᠲᠤᠨ᠎ᠳᠤ ᠲᠤᠬᠤᠨᠢᠭᠤᠯᠬᠤ ᠲᠤᠭᠯᠠᠯᠲᠠ ᠭᠠᠷᠭ᠋ᠠᠪᠠ
ᠨᠡᠶ᠋ᠢᠲᠡᠯᠡᠭᠰᠡᠨ ᠴᠠᠭ᠄ 2024-09-05

      ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ ᠪᠠᠢ᠌ᠭᠤᠯᠤᠭᠳᠠᠭᠰᠠᠨ 97 ᠵᠢᠯ᠎ᠤᠨ ᠣᠢ ᠵᠢ ᠪᠡᠯᠭᠡᠯᠡᠵᠦ᠂ ᠰᠢᠨ᠎ᠡ ᠴᠠᠭ ᠦᠶ᠎ᠡ ᠵᠢᠨ ᠬᠣᠶᠠᠷ᠎ᠢ ᠬᠦᠷᠢᠶᠡᠯᠡᠬᠦ ᠠᠵᠢᠯ᠎ᠢ ᠰᠠᠢ᠌ᠳᠤᠷ ᠬᠢᠬᠦ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠪᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠡᠷᠢᠭ ᠠᠷᠠᠳ ᠪᠦᠯᠬᠦᠮᠳᠡᠭᠰᠡᠨ᠂ ᠴᠡᠷᠢᠭ ᠵᠶ᠋ᠠᠨ ᠬᠦᠷᠢᠶᠡᠯᠡᠨ ᠭᠡᠷ ᠪᠦᠯᠢ ᠵᠢ᠎ᠨᠢ ᠬᠠᠷᠠᠭ᠋ᠠᠯᠵᠠᠬᠤ᠂ ᠵᠠᠰᠠᠭ ᠵᠶ᠋ᠠᠨ ᠬᠦᠷᠢᠶᠡᠯᠡᠨ ᠠᠷᠠᠳ ᠵᠶ᠋ᠠᠨ ᠬᠠᠢ᠌ᠷᠠᠯᠠᠬᠤ ᠰᠢᠯᠢᠳᠡᠭ ᠤᠯᠠᠮᠵᠢᠯᠠᠯ᠎ᠢ ᠤᠯᠠᠮ ᠨᠢᠭᠡ ᠠᠯᠬᠤᠮ ᠵᠠᠯᠭ᠋ᠠᠮᠵᠢᠯᠠᠨ ᠪᠠᠳᠠᠷᠠᠭᠤᠯᠵᠤ᠂ ᠴᠡᠷᠢᠭ ᠬᠥᠮᠦᠨ᠎ᠢ ᠬᠦᠨᠳᠦᠳᠬᠡᠨ ᠬᠠᠢ᠌ᠷᠠᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠬᠤ ᠵᠢᠨ ᠲᠥᠯᠥᠭᠡ᠂ 2014 ᠣᠨ᠎ᠤ 8 ᠰᠠᠷ᠎ᠠ ᠵᠢᠨ 1᠎ᠤ ᠦᠳᠡ ᠵᠢᠨ ᠡᠮᠦᠨ᠎ᠡ᠂ ᠰᠢᠯᠢ ᠵᠢᠨ ᠭᠣᠣᠯ ᠠᠢ᠌ᠮᠠᠭ᠎ᠤᠨ ᠰᠥᠨᠢᠳ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠤᠨ᠎ᠤ ᠤᠯᠠᠷᠢᠯ᠎ᠤᠨ ᠠᠵᠢᠯᠯᠠᠭ᠎ᠠ ᠵᠢᠨ ᠳᠠᠢ᠌ᠨ᠎ᠤ ᠦᠶ᠎ᠡ ᠵᠢᠨ ᠲᠣᠬᠣᠨᠢᠭᠤᠯᠭ᠎ᠠ ᠵᠢᠴᠢ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ 《ᠨᠠᠢ᠍ᠮᠠᠨ ᠰᠠᠷ᠎ᠠ ᠵᠢᠨ ᠨᠢᠭᠡᠨ᠎ᠤ ᠴᠡᠷᠢᠭ ᠪᠠᠢ᠌ᠭᠤᠯᠤᠭᠳᠠᠭᠰᠠᠨ ᠪᠠᠶᠠᠷ》᠎ᠲᠤ ᠵᠣᠷᠢᠭᠤᠯᠤᠭᠰᠠᠨ ᠦᠨᠳᠦᠰᠦᠨ ᠱᠠᠲᠤᠨ ᠲᠤᠬᠤᠨᠢᠭᠤᠯᠬᠤ ᠲᠤᠭᠯᠠᠯᠲᠠ ᠵᠢ ᠵᠣᠬᠢᠶᠠᠨ ᠪᠠᠢ᠌ᠭᠤᠯᠵᠤ᠂ ᠴᠡᠷᠢᠭ  ᠴᠠᠭᠳᠠᠭ᠎ᠠ ᠬᠠᠮᠲᠤᠪᠠᠷ ᠰᠡᠳᠬᠢᠯ  ᠬᠦᠴᠦᠨ ᠵᠶ᠋ᠠᠨ ᠨᠢᠭᠲᠠᠷᠠᠭᠤᠯᠵᠤ᠂ ᠳᠠᠶᠠᠭ᠋ᠠᠷ ᠣᠯᠠᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠬᠦᠷᠭᠡᠪᠡ᠃

1.jpg


      ᠬᠣᠰᠢᠭᠤᠨ᠎ᠤ ᠳᠡᠳ᠋ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠵᠣᠣ ᠶᠦᠩ ᠨᠠᠷ ᠤᠷᠢᠳ ᠬᠣᠵᠢᠳ ᠵᠡᠪᠰᠡᠭᠲᠦ ᠴᠠᠭᠳᠠᠭ᠎ᠠ ᠵᠢᠨ ᠰᠥᠨᠢᠳ ᠪᠠᠷᠠᠭᠤᠨ ᠬᠤᠰᠢᠭᠤᠨ᠎ᠤ ᠰᠠᠯᠪᠤᠷᠢ ᠳᠤᠮᠳᠠ ᠠᠩᠭᠢ᠂ ᠡᠷᠢᠶᠡᠨᠨᠠᠭᠤᠷ᠎ᠤᠨ ᠬᠢᠯᠢ ᠵᠢᠨ ᠲᠣᠮᠢᠯᠠᠭᠰᠠᠨ ᠰᠠᠯᠪᠤᠷᠢ᠂ ᠬᠣᠷᠢᠭᠤᠯ᠎ᠤᠨ ᠭᠠᠵᠠᠷ᠂ ᠲᠦᠷ ᠬᠣᠷᠢᠬᠤ ᠭᠠᠵᠠᠷ᠎ᠲᠤ ᠬᠦᠷᠴᠦ ᠡᠭᠦᠷᠭᠡ᠎ᠪᠠᠨ ᠭᠦᠢ᠍ᠴᠡᠳᠬᠡᠵᠦ ᠵᠢᠵᠢᠭᠦᠷᠯᠡᠵᠦ ᠪᠠᠢ᠌ᠬᠤ ᠵᠡᠪᠰᠡᠭᠲᠦ ᠴᠠᠭᠳᠠᠭ᠎ᠠ ᠵᠢᠨ ᠴᠡᠷᠢᠭ ᠪᠠᠢ᠌ᠯᠳᠤᠭᠴᠢ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠲᠠᠢ ᠳᠣᠲᠣᠨᠣ᠎ᠪᠠᠷ ᠶᠠᠷᠢᠯᠴᠠᠵᠤ᠂ ᠦᠢ᠍ᠯᠡᠴᠢᠯᠡᠭᠡᠨ᠎ᠤ ᠠᠵᠢᠯᠯᠠᠭ᠎ᠠ᠂ ᠵᠢᠵᠢᠭᠦᠷ᠎ᠤᠨ ᠪᠡᠯᠡᠳᠬᠡᠯ ᠠᠵᠢᠯ᠂ ᠠᠷᠤ ᠲᠠᠯ᠎ᠠ ᠵᠢᠨ ᠪᠠᠲᠤᠯᠠᠭ᠎ᠠ ᠵᠡᠷᠭᠡ ᠠᠵᠢᠯ᠎ᠤᠨ ᠪᠠᠢ᠌ᠳᠠᠯ᠎ᠢ ᠨᠠᠷᠢᠨ ᠬᠢᠨᠠᠮᠠᠭ᠋ᠠᠢ ᠠᠰᠠᠭᠤᠨ ᠯᠠᠪᠯᠠᠵᠤ᠂ ᠠᠭ᠋ᠠᠭᠢᠮ᠎ᠠ ᠬᠠᠯᠠᠭᠤᠨ ᠬᠤᠷᠴᠠ ᠨᠠᠷᠠᠨ᠎ᠤ ᠳᠣᠣᠷ᠎ᠠ ᠡᠮᠦᠨ᠎ᠡ ᠹᠷᠣᠨᠲ᠎ᠳᠤ ᠲᠡᠮᠡᠴᠡᠵᠦ ᠪᠠᠢ᠌ᠭ᠎ᠠ ᠵᠡᠪᠰᠡᠭᠲᠦ ᠴᠠᠭᠳᠠᠭ᠎ᠠ ᠵᠢᠨ ᠴᠡᠷᠢᠭ ᠪᠠᠢ᠌ᠯᠳᠤᠭᠴᠢ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ᠎ᠢ ᠲᠣᠬᠣᠨᠢᠭᠤᠯᠬᠤ ᠵᠢᠨ ᠳᠠᠭ᠋ᠠᠤ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ᠎ᠢ ᠬᠦᠷᠭᠡᠪᠡ᠃

4.jpg


      ᠳᠠᠷᠠᠭ᠎ᠠ᠎ᠨᠢ᠂ ᠰᠥᠨᠢᠳ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠦ᠋ᠴᠢᠷ᠎ᠤᠨ ᠭᠡᠰᠢᠭᠦᠳ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠬᠣᠣᠰᠯᠠᠯ ᠪᠦᠵᠢᠭ᠂ ᠳᠠᠭᠤᠤ᠂ ᠰᠢᠯᠦᠭ᠂ ᠭᠢᠲ᠋ᠠᠷ᠂ ᠬᠠᠮᠲᠦ ᠵᠢᠨ ᠳᠠᠭᠤᠤ ᠵᠡᠷᠭᠡ ᠭᠣᠢ᠌ᠳᠠ ᠰᠠᠢ᠌ᠬᠠᠨ ᠤᠷᠠᠯᠢᠭ᠎ᠤᠨ ᠲᠣᠭᠯᠠᠯᠲᠠ ᠭᠠᠷᠭ᠋ᠠᠵᠤ᠂ ᠰᠥᠨᠢᠳ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠪᠣᠯᠪᠠᠰᠤᠷᠠᠯ᠎ᠤᠨ ᠬᠡᠪ ᠨᠠᠮᠪᠠᠭ᠎ᠠ᠂ ᠵᠣᠷᠢᠭᠲᠠᠢ ᠲᠡᠮᠡᠴᠡᠬᠦ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠪᠠ᠃

11.jpg


      ᠰᠥᠨᠢᠳ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠣᠷᠢᠭᠤᠯ᠎ᠤᠨ ᠭᠠᠵᠠᠷ᠂ ᠲᠦᠷ ᠬᠣᠷᠢᠬᠤ ᠭᠠᠵᠠᠷ᠎ᠤᠨ ᠴᠠᠭᠳᠠᠭ᠎ᠠ ᠨᠠᠷ᠂ ᠲᠣᠬᠣᠨᠢᠭᠤᠯᠬᠤ ᠲᠣᠭᠯᠠᠯᠲᠠ ᠰᠣᠨᠢᠷᠬᠠᠬᠤ᠎ᠪᠠᠷ ᠳᠠᠮᠵᠢᠨ ᠮᠠᠰᠢ ᠵᠣᠷᠢᠭᠵᠢᠵᠤ᠂ 《ᠵᠤᠨ᠎ᠤ ᠤᠯᠠᠷᠢᠯ᠎ᠤᠨ ᠠᠵᠢᠯᠯᠠᠭ᠎ᠠ》᠎ᠪᠠᠷ ᠬᠥᠳᠡᠯᠦᠯᠲᠡ ᠪᠣᠯᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠤᠯᠤᠰ ᠲᠥᠷᠥ ᠵᠢ ᠡᠷᠬᠢᠮᠯᠡᠬᠦ᠂ ᠵᠣᠷᠢᠭᠲᠠᠢ ᠡᠭᠦᠷᠭᠡᠯᠡᠬᠦ᠂ ᠰᠠᠬᠢᠯᠭ᠎ᠠ ᠪᠠᠲᠤ ᠵᠢ ᠴᠢᠩᠭ᠎ᠠ ᠰᠠᠬᠢᠬᠤ ᠳᠠᠭᠤᠷᠢᠶᠠᠯ ᠪᠣᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠲᠠᠪᠤᠨ ᠲᠡᠷᠢᠭᠦᠨ ᠵᠡᠷᠭᠡ ᠵᠢᠨ》 ᠳᠣᠲᠣᠭ᠋ᠠᠳᠤ ᠵᠢ ᠬᠠᠮᠠᠭ᠋ᠠᠯᠠᠬᠤ ᠴᠡᠷᠢᠭ᠎ᠢ ᠴᠢᠷᠮᠠᠢ᠌ᠨ ᠳᠠᠪᠲᠠᠨ ᠪᠣᠯᠪᠠᠰᠤᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠰᠠᠢ᠌ᠳᠤᠷ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ