ᠲᠠᠪᠤᠳᠤᠭ᠋ᠠᠷ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ᠎ᠠᠴᠠ ᠡᠮᠦᠨᠡᠬᠡᠨ᠂ ᠤᠯᠠᠭ᠋ᠠᠨᠬᠠᠳᠠ ᠬᠣᠲᠠ ᠵᠢᠨ ᠠᠤᠬᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠰᠡᠳᠬᠢᠯ ᠵᠶ᠋ᠠᠨ ᠨᠢᠭᠡᠳᠬᠡᠨ ᠣᠭ ᠰᠠᠨᠠᠭ᠎ᠠ᠎ᠪᠠᠨ ᠪᠠᠷᠢᠮᠲᠠᠯᠠᠵᠤ᠂ ᠪᠦᠯᠬᠦᠮᠳᠡᠨ ᠲᠡᠮᠡᠴᠡᠵᠦ ᠰᠢᠨ᠎ᠡ ᠠᠶᠠᠨ᠎ᠳᠤ ᠮᠣᠷᠳᠠᠬᠤ》 ᠭᠤᠤᠯ ᠰᠡᠳᠦᠪᠲᠦ ᠰᠣᠨᠢᠷᠬᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠡᠷᠭᠢᠯᠡᠪᠡ᠃ ᠤᠷᠤᠯᠳᠤᠭ᠋ᠠᠨ᠎ᠨᠢ ᠣᠯᠠᠨ ᠶᠠᠩᠵᠤ ᠵᠢᠨ ᠲᠥᠷᠥᠯ ᠵᠦᠢ᠍ᠯ᠎ᠲᠠᠢ᠂ ᠤᠷᠤᠯᠳᠤᠭ᠋ᠠᠨ᠎ᠨᠢ ᠶᠠᠭ᠋ᠠᠷᠠᠯᠲᠠᠢ ᠪᠥᠭᠡᠳ ᠰᠣᠨᠢᠷᠬᠠᠯᠲᠠᠶ ᠪᠠᠶ᠋ᠢᠵᠤ᠂ ᠪᠦᠯᠬᠦᠮᠳᠡᠨ ᠲᠡᠮᠡᠴᠡᠬᠦ ᠠᠭᠤᠷ ᠠᠮᠢᠰᠬᠤᠯ᠎ᠢ ᠪᠣᠶ ᠪᠣᠯᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠪᠡᠶ᠎ᠡ ᠮᠠᠬᠠᠪᠣᠳ᠎ᠤᠨ ᠬᠡᠪ ᠴᠢᠨᠠᠷ ᠪᠠ ᠪᠦᠯᠬᠦᠮ ᠨᠡᠶ᠋ᠢᠲᠡ ᠵᠢᠨ ᠬᠠᠮᠲᠤᠷᠠᠨ ᠠᠵᠢᠯᠯᠠᠬᠤ ᠤᠬᠠᠮᠰᠠᠷ᠎ᠢ ᠳᠡᠭᠡᠭᠰᠢᠯᠡᠭᠦᠯᠪᠡ᠃


