ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠯᠢᠨ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ 24 ᠴᠠᠭ ᠳᠣᠲᠣᠷ᠎ᠠ ᠰᠦᠯᠵᠢᠶᠡᠨ ᠳᠡᠭᠡᠷ᠎ᠡ ᠪᠠᠷᠢᠪᠴᠢᠯᠠᠬᠤ᠎ᠪᠠᠷ ᠵᠠᠷᠯᠠᠭᠰᠠᠨ 3 ᠣᠷᠭᠤᠳᠠᠭᠤᠯ ᠬᠡᠷᠡᠭᠲᠡᠨ᠎ᠢ ᠪᠠᠷᠢᠪᠴᠢᠯᠠᠪᠠ
ᠨᠡᠶ᠋ᠢᠲᠡᠯᠡᠭᠰᠡᠨ ᠴᠠᠭ᠄ 2024-10-15

      ᠣᠶ᠋ᠢᠷ᠎ᠠ᠎ᠳᠤ᠂ ᠪᠠᠶᠠᠨᠨᠠᠭᠤᠷ ᠬᠣᠲᠠ ᠵᠢᠨ ᠯᠢᠨ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠠᠷᠠᠳ᠎ᠤᠨ ᠴᠠᠭᠳᠠᠭ᠎ᠠ ᠬᠠᠷᠢᠶ᠎ᠠ ᠣᠷᠣᠨ᠎ᠤ᠎ᠪᠠᠨ ᠰᠦᠯᠵᠢᠶᠡᠨ ᠳᠡᠭᠡᠷ᠎ᠡ ᠪᠠᠷᠢᠪᠴᠢᠯᠠᠬᠤ᠎ᠪᠠᠷ ᠵᠠᠷᠯᠠᠭᠰᠠᠨ ᠣᠷᠭᠤᠳᠠᠭᠤᠯ ᠬᠡᠷᠡᠭᠲᠡᠨ᠎ᠤ ᠰᠦᠪᠡᠭᠴᠢ ᠵᠢ ᠡᠮᠬᠢᠯᠡᠨ ᠪᠠᠶ᠋ᠢᠴᠠᠭ᠋ᠠᠵᠤ ᠪᠠᠶ᠋ᠢᠬᠤ᠎ᠳᠤ᠎ᠪᠠᠨ ᠣᠷᠭᠤᠳᠠᠭᠤᠯ ᠬᠡᠷᠡᠭᠳᠡᠨ ᠯᠢᠦ ᠣᠪᠣᠭᠲᠤ᠂ ᠾᠧ ᠣᠪᠣᠭᠲᠤ ᠪᠣᠯᠤᠨ ᠰᠤ᠌ ᠣᠪᠣᠭᠲᠤ ᠭᠤᠷᠪᠠ ᠵᠢᠨ ᠠᠵᠢᠯᠯᠠᠭ᠎ᠠ ᠵᠢᠨ ᠮᠥᠷ᠎ᠢ ᠣᠯᠵᠤ ᠮᠡᠳᠡᠪᠡ᠃ ᠲᠡᠷᠡ ᠳᠠᠷᠤᠶ ᠤᠯᠠᠮ ᠨᠢᠭᠡ ᠠᠯᠬᠤᠮ ᠵᠠᠳᠠᠯᠤᠨ ᠪᠠᠢ᠌ᠴᠠᠭ᠋ᠠᠬᠤ ᠪᠠ ᠪᠠᠶ᠋ᠢᠴᠠᠭ᠋ᠠᠨ ᠰᠤᠷᠪᠤᠯᠵᠢᠯᠠᠬᠤ ᠠᠵᠢᠯ᠎ᠢ ᠥᠷᠨᠢᠭᠦᠯᠵᠦ᠂ 3 ᠬᠥᠮᠦᠨ᠎ᠤ ᠨᠢᠭᠤᠨ ᠳᠠᠯᠳᠠᠯᠠᠬᠤ ᠭᠠᠵᠠᠷ᠎ᠢ ᠳᠠᠷᠤᠢ ᠲᠦᠷᠭᠡᠨ ᠣᠨᠤᠰᠢᠯᠠᠪᠠ᠃ ᠪᠠᠢ᠌ᠷᠢᠯᠠᠭᠤᠯᠤᠨ ᠭᠡᠲᠡᠬᠦ᠎ᠪᠠᠷ ᠳᠡᠮᠵᠢᠨ᠂ 24 ᠴᠠᠭ᠎ᠤᠨ ᠳᠣᠲᠣᠷ᠎ᠠ 3 ᠬᠥᠮᠦᠨ᠎ᠢ ᠪᠦᠬᠦᠨ᠎ᠢ ᠪᠠᠷᠢᠪᠴᠢᠯᠠᠵᠠᠶ᠃ ᠣᠳᠣᠬᠠᠨ᠎ᠳᠤ᠂ ᠪᠠᠷᠢᠪᠴᠢᠯᠠᠭᠰᠠᠨ 3 ᠣᠷᠭᠤᠳᠠᠭᠤᠯ ᠬᠡᠷᠡᠭᠲᠡᠨ᠎ᠢ ᠴᠥᠮ ᠬᠣᠯᠪᠣᠭᠳᠠᠯ ᠪᠦᠬᠦᠢ ᠬᠡᠷᠡᠭ ᠰᠢᠢ᠍ᠳᠪᠦᠷᠢᠯᠡᠬᠦ ᠨᠢᠭᠡᠴᠢ᠎ᠳᠤ ᠰᠢᠯᠵᠢᠭᠦᠯᠦᠨ ᠲᠤᠰᠢᠶᠠᠪᠠ᠃

ᠢᠷᠡᠯᠲᠡ᠄ ᠪᠠᠶᠠᠨᠨᠠᠭᠤᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ