ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠬᠣᠷᠢᠨᠭᠡᠷ ᠰᠢᠶᠠᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠳᠠ ᠵᠢᠨ ᠶᠡᠬᠡ ᠠᠩᠬᠢ ᠵᠢᠨ ᠴᠠᠭᠳᠠᠭ᠎ᠠ ᠰᠤᠷᠭ᠋ᠠᠭᠤᠯᠢ ᠵᠢᠨ ᠬᠦᠷᠢᠶᠠᠨ᠎ᠳᠤ ᠭᠦᠨᠵᠡᠭᠡᠢ᠌ᠷᠡᠨ ᠵᠠᠮ ᠬᠠᠷᠢᠯᠴᠠᠭ᠋ᠠᠨ᠎ᠤ ᠠᠮᠤᠷ ᠲᠥᠪᠰᠢᠨ᠎ᠤ ᠬᠢᠴᠢᠶᠡᠯ᠎ᠢ ᠥᠷᠨᠢᠭᠦᠯᠪᠡ
ᠨᠡᠶ᠋ᠢᠲᠡᠯᠡᠭᠰᠡᠨ ᠴᠠᠭ᠄ 2024-12-18

    ᠣᠢ᠍ᠷ᠎ᠠ ᠵᠢᠨ ᠡᠳᠦᠷ᠂ ᠰᠤᠷᠤᠭᠴᠢᠳ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠪᠣᠯᠪᠠᠰᠤᠨ᠎ᠤ ᠦᠵᠡᠯ ᠤᠬᠠᠮᠰᠠᠷ᠎ᠢ ᠦᠨᠡᠨ ᠬᠦ᠌ ᠳᠡᠭᠡᠭᠰᠢᠯᠡᠭᠦᠯᠬᠦ᠂ ᠰᠤᠷᠤᠭᠴᠢᠳ᠎ᠤᠨ ᠶᠠᠪᠤᠵᠤ ᠰᠠᠭᠤᠬᠤ ᠠᠮᠤᠷ ᠲᠦᠪᠰᠢᠨ᠎ᠢ ᠪᠠᠳᠤᠯᠠᠬᠤ᠂ ᠡᠶ᠎ᠡ ᠵᠣᠬᠢᠴᠠᠯ᠎ᠲᠠᠢ ᠠᠮᠤᠷ ᠲᠦᠪᠰᠢᠨ ᠰᠤᠷᠭ᠋ᠠᠭᠤᠯᠢ ᠵᠢᠨ ᠬᠦᠷᠢᠶᠡᠨ᠎ᠤ ᠵᠠᠮ ᠬᠠᠷᠢᠯᠴᠠᠭ᠋ᠠᠨ᠎ᠤ ᠣᠷᠴᠢᠨ ᠲᠣᠭᠤᠷᠢᠨ᠎ᠢ ᠪᠣᠶ ᠪᠣᠯᠭ᠋ᠠᠬᠤ ᠵᠢᠨ ᠲᠥᠯᠥᠭᠡ᠂ ᠬᠦᠬᠡᠬᠤᠲᠠ ᠵᠢᠨ ᠬᠤᠷᠢᠨᠭᠡᠷ ᠰᠢᠶᠠᠨ᠎ᠤ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠵᠢᠨ ᠴᠠᠭᠳᠠᠭ᠎ᠠ ᠰᠢᠨ᠎ᠡ ᠳᠡᠯᠭᠡᠭᠦᠷ ᠪᠠᠯᠭ᠋ᠠᠰᠤᠨ᠎ᠤ ᠭᠤᠣᠯ ᠪᠠᠭ᠎ᠠ ᠰᠤᠷᠭ᠋ᠠᠭᠤᠯᠢ᠎ᠳᠤ ᠬᠦᠷᠴᠦ᠂ ᠰᠤᠷᠤᠭᠴᠢᠳ᠎ᠲᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠴᠢᠶᠡᠯ᠎ᠢ ᠠᠮᠢᠳᠤᠯᠢᠭ ᠵᠶ᠋ᠠᠷ ᠲᠠᠢ᠌ᠯᠪᠤᠷᠢᠯᠠᠪᠠ᠃
202410210926177370638.jpg   


    ᠬᠢᠴᠢᠶᠡᠯ᠎ᠤᠨ ᠲᠠᠩᠬᠢᠮ᠎ᠨᠢ PPT ᠵᠶ᠋ᠠᠷ ᠠᠴᠢᠶᠠᠯᠠᠪᠤᠷᠢ ᠪᠣᠯᠭ᠋ᠠᠵᠤ᠂ ᠠᠮᠢᠳᠤᠯᠢᠭ ᠳᠦᠷᠰᠦᠯᠢᠭ ᠵᠢᠷᠤᠭ ᠪᠠ ᠸᠢᠳᠢᠣ᠋᠎ᠪᠠᠷ ᠨᠡᠶ᠋ᠢᠲᠡᠯᠢᠭ ᠠᠳᠡᠯ᠎ᠤᠨ ᠬᠡᠷᠡᠭ᠎ᠤᠨ ᠵᠢᠱ᠌ᠢᠶ᠎ᠡ ᠵᠢ ᠵᠠᠳᠠᠯᠤᠨ᠂ ᠠᠳᠡᠯ ᠭᠠᠷᠤᠭᠰᠠᠨ ᠰᠢᠯᠲᠠᠭ᠋ᠠᠨ ᠵᠢᠴᠢ ᠠᠷᠭ᠋ᠠᠴᠠᠬᠤ ᠠᠷᠭ᠎ᠠ ᠬᠡᠮᠵᠢᠶ᠎ᠡ ᠵᠢ ᠲᠠᠶ᠋ᠢᠯᠪᠤᠷᠢᠯᠠᠵᠤ᠂ ᠰᠤᠷᠤᠭᠴᠢᠳ᠎ᠲᠤ 《ᠨᠢᠭᠡ ᠳᠤᠭᠤᠯᠠᠭ᠎ᠠ ᠨᠢᠭᠡ ᠪᠦᠰᠡ》 ᠵᠢᠨ ᠴᠢᠬᠤᠯᠠ ᠴᠢᠨᠠᠷ᠎ᠢ ᠲᠠᠨᠢᠭᠤᠯᠤᠨ᠂ ᠵᠠᠮ ᠬᠠᠷᠢᠯᠴᠠᠭ᠋ᠠᠨ᠎ᠤ ᠲᠣᠭᠲᠠᠭ᠋ᠠᠯ᠎ᠠᠴᠠ ᠵᠥᠷᠢᠴᠡᠭᠰᠡᠨ ᠵᠢᠵᠢᠭ ᠠᠵᠢᠯᠯᠠᠭ᠎ᠠ ᠨᠢᠭᠡᠪᠦᠷᠢ ᠴᠥᠮ ᠡᠭᠡᠭᠦᠯᠵᠦ ᠪᠣᠯᠤᠰᠢ ᠦᠭᠡᠢ ᠦᠷ᠎ᠡ ᠳ᠋ᠦᠩ᠎ᠢ ᠠᠪᠴᠢᠷᠠᠵᠤ ᠮᠡᠳᠡᠬᠦ ᠵᠢ ᠣᠢ᠌ᠯᠠᠭ᠋ᠠᠭᠤᠯᠪᠠ᠃ ᠡᠭᠦᠨ᠎ᠤ ᠬᠠᠮᠲᠤ᠂ ᠬᠡᠦᠬᠡᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠬᠠᠤᠯᠢ ᠶᠣᠰᠣᠨ᠎ᠤ ᠡᠵᠡᠩᠨᠡᠯᠲᠡ ᠵᠢᠨ ᠲᠡᠷᠭᠡ ᠬᠥᠰᠬᠡ᠎ᠳᠤ ᠰᠠᠭᠤᠬᠤ ᠬᠡᠷᠡᠭᠲᠡᠶ᠂ ᠫᠠᠶ᠋ᠢᠰᠠ ᠦᠭᠡᠶ ᠦᠨᠡᠮᠯᠡᠯ ᠦᠭᠡᠢ᠂ ᠬᠥᠮᠦᠨ᠎ᠤ ᠲᠣᠭ᠎ᠠ᠎ᠠᠴᠠ ᠬᠡᠲᠦᠷᠡᠭᠦᠯᠦᠨ ᠰᠠᠭᠤᠯᠭ᠋ᠠᠭᠰᠠᠨ ᠵᠡᠷᠭᠡ ᠠᠮᠤᠷ ᠲᠦᠪᠰᠢᠨ᠎ᠤ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠲᠡᠷᠭᠡ ᠬᠥᠰᠬᠡ᠎ᠳᠤ ᠰᠠᠭᠤᠬᠤ ᠵᠢ ᠵᠥᠪᠰᠢᠶᠡᠷᠡᠬᠦ ᠦᠭᠡᠶ ᠪᠠᠶ᠋ᠢᠬᠤ ᠬᠡᠷᠡᠭᠲᠡᠶ ᠭᠡᠪᠡ᠃
    ᠲᠤᠬᠠᠶ ᠵᠢᠨ ᠲᠠᠯᠠᠪᠤᠷ᠎ᠤᠨ ᠬᠠᠷᠢᠯᠴᠠᠨ ᠬᠥᠳᠡᠯᠦᠯᠴᠡᠬᠦ ᠭᠤᠭᠴᠤᠭ᠎ᠠ᠎ᠨᠢ ᠨᠠᠩ ᠴᠤ᠌ ᠠᠭᠤᠷ ᠠᠮᠢᠰᠬᠤᠯ᠎ᠢ ᠣᠷᠭᠢᠯ᠎ᠳᠤ᠎ᠨᠢ ᠬᠦᠷᠭᠡᠵᠦ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠡᠯ᠎ᠡ ᠵᠦᠢ᠍ᠯ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠠᠰᠠᠭᠤᠳᠠᠯ᠎ᠢ ᠲᠤᠷᠠᠳᠤᠨ᠂ ᠰᠤᠷᠤᠭᠴᠢᠳ ᠢᠳᠡᠪᠬᠢᠲᠡᠶ᠎ᠪᠠᠷ ᠭᠠᠷ ᠡᠷᠭᠦᠨ ᠬᠠᠷᠢᠭᠤᠯᠲᠠ ᠦᠭᠴᠦ᠂ ᠡᠨᠡ᠎ᠨᠢ ᠰᠤᠷᠤᠭᠴᠢᠳ᠎ᠤᠨ ᠰᠤᠷᠤᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠭᠰᠡᠨ ᠵᠶ᠋ᠠᠷ ᠪᠠᠷᠠᠬᠤ ᠥᠬᠡᠶ᠂ ᠨᠠᠩ ᠴᠤ᠌ ᠲᠡᠳᠡᠨ᠎ᠢ ᠪᠠᠶᠠᠷ ᠪᠠᠶᠠᠰᠬᠤᠯᠠᠩᠲᠠᠶ ᠠᠭᠤᠷ ᠠᠮᠢᠰᠬᠤᠯ᠎ᠤᠨ ᠳᠤᠮᠳᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢᠨ ᠲᠤᠬᠠᠶ ᠣᠶ᠋ᠢᠯᠠᠭ᠋ᠠᠯᠲᠠ ᠪᠠ ᠳᠤᠷᠠᠰᠤᠮᠵᠢ ᠵᠢ ᠭᠦᠨᠵᠡᠭᠡᠶ᠋ᠢᠷᠡᠭᠦᠯᠵᠡᠶ᠃ 

    202410210926179902835.jpg


     ᠬᠠᠮᠤᠭ ᠰᠡᠭᠦᠯ᠎ᠳᠤ᠂ ᠠᠷᠠᠳ᠎ᠤᠨ ᠴᠠᠭᠳᠠᠭ᠎ᠠ ᠮᠠᠰᠢᠨ ᠲᠡᠷᠭᠡ᠎ᠪᠠᠨ 《ᠨᠡᠭᠦᠯᠭᠡᠵᠦ》 ᠬᠢᠴᠢᠶᠡᠯ᠎ᠤᠨ ᠲᠠᠩᠬᠢᠮ᠎ᠳᠤ ᠭᠠᠷᠭ᠋ᠠᠨ᠂ ᠰᠤᠷᠤᠭᠴᠢᠳ᠎ᠲᠤ 《  ᠬᠠᠷᠠᠭ᠋ᠠᠨ᠎ᠤ ᠪᠠᠯᠠᠢ ᠣᠷᠣᠨ》᠎ᠢ ᠣᠢ᠌ᠯᠠᠭ᠋ᠠᠭᠤᠯᠪᠠ᠃ ᠰᠤᠷᠤᠭᠴᠢᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠮᠠᠰᠢᠨ ᠲᠡᠷᠭᠡᠨ᠎ᠤ ᠡᠮᠦᠨ᠎ᠡ ᠲᠠᠯ᠎ᠠ᠂ ᠠᠷᠤ ᠲᠠᠯ᠎ᠠ᠂ ᠵᠡᠭᠦᠨ ᠡᠮᠦᠨ᠎ᠡ ᠲᠠᠯ᠎ᠠ᠂ ᠪᠠᠷᠠᠭᠤᠨ ᠡᠮᠦᠨ᠎ᠡ ᠲᠠᠯ᠎ᠠ ᠵᠡᠷᠭᠡ ᠣᠷᠣᠨ᠎ᠳᠤ ᠪᠦᠯᠦᠭ ᠬᠤᠪᠢᠶᠠᠨ ᠰᠠᠭᠤᠯᠭ᠋ᠠᠵᠤ᠂ ᠰᠤᠷᠤᠭᠴᠢᠳ᠎ᠢ ᠵᠣᠬᠢᠶᠠᠨ ᠪᠠᠶ᠋ᠢᠭᠤᠯᠤᠨ ᠡᠭᠡᠯᠵᠢᠯᠡᠨ ᠲᠡᠷᠭᠡ ᠵᠢᠯᠣᠭᠤᠳᠬᠤ ᠣᠷᠣᠨ ᠳᠡᠭᠡᠷ᠎ᠡ ᠡᠭᠡᠯᠵᠢᠯᠡᠨ ᠰᠠᠭᠤᠯᠭ᠋ᠠᠵᠤ᠂ ᠲᠡᠷᠭᠡᠨ᠎ᠤ ᠡᠮᠦᠨ᠎ᠡ ᠲᠠᠯ᠎ᠠ ᠵᠢᠨ ᠰᠢᠯ ᠪᠠ ᠠᠷᠤ ᠬᠠᠷᠠᠭ᠋ᠠᠨ ᠲᠣᠯᠢ᠎ᠪᠠᠷ ᠳᠠᠮᠵᠢᠭᠤᠯᠤᠨ ᠲᠡᠷᠭᠡᠨ᠎ᠤ ᠭᠠᠳᠠᠨᠠᠬᠢ ᠪᠠᠶ᠋ᠢᠳᠠᠯ᠎ᠢ ᠨᠠᠷᠢᠨ ᠠᠵᠢᠭᠯᠠᠵᠤ᠂ ᠵᠢᠯᠣᠭᠤᠴᠢ ᠵᠢᠨ ᠨᠢᠭᠡᠳᠦᠭᠡᠷ ᠬᠠᠷᠠᠭ᠋ᠠᠰᠤ᠎ᠪᠠᠷ ᠬᠠᠷᠠᠭ᠋ᠠᠨ᠎ᠤ ᠪᠠᠯᠠᠢ ᠣᠷᠣᠨ᠎ᠢ ᠭᠦᠨᠵᠡᠭᠡᠶ ᠣᠶ᠋ᠢᠯᠠᠭ᠋ᠠᠭᠤᠯᠪᠠ᠃
    ᠲᠣᠰ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ᠎ᠪᠠᠷ ᠳᠠᠮᠵᠢᠭᠤᠯᠤᠨ᠂ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠥᠮᠦᠵᠢᠯ᠎ᠤᠨ ᠠᠭᠤᠯᠭ᠎ᠠ ᠵᠢ ᠲᠡᠭᠦᠯᠳᠡᠷᠵᠢᠭᠦᠯᠵᠦ᠂ ᠬᠡᠦᠬᠡᠳ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢ ᠰᠤᠷᠤᠯᠴᠠᠬᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠳᠠᠶ᠋ᠢᠴᠢᠯᠠᠨ᠂ ᠬᠡᠦᠬᠡᠳ᠎ᠤᠳ᠎ᠲᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢ ᠣᠶ᠋ᠢᠯᠠᠭ᠋ᠠᠭᠤᠯᠤᠨ ᠡᠵᠡᠮᠰᠢᠭᠦᠯᠵᠦ᠂ ᠥᠪᠡᠷ᠎ᠤᠨ ᠵᠢᠴᠢ ᠬᠡᠷ᠎ᠤᠨ ᠠᠬᠠᠮᠠᠳ᠎ᠲᠤ ᠬᠢᠨᠠᠯᠲᠠ ᠲᠠᠯᠪᠢᠬᠤ ᠵᠠᠮ ᠬᠠᠷᠢᠯᠴᠠᠭ᠋ᠠᠨ᠎ᠤ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠠᠮᠤᠷ ᠲᠦᠪᠰᠢᠨ᠎ᠢ ᠴᠠᠭ ᠢᠮᠠᠭᠲᠠ ᠬᠡᠦᠬᠡᠳ᠎ᠤᠳ᠎ᠲᠠᠢ ᠬᠠᠮᠲᠤ ᠠᠵᠢᠯᠯᠠᠭᠤᠯᠵᠤ᠂ ᠬᠡᠤᠬᠡᠳ᠎ᠤᠨ ᠡᠷᠡᠭᠦᠯ ᠵᠶ᠋ᠠᠷ ᠦᠰᠦᠨ ᠪᠤᠶ᠋ᠢᠵᠢᠬᠤ ᠵᠢ ᠬᠠᠮᠲᠤ᠎ᠪᠠᠷ ᠬᠠᠮᠠᠭ᠋ᠠᠯᠠᠪᠠ᠃

      

 

ᠢᠷᠡᠯᠲᠡ᠄ ᠬᠦᠬᠡᠬᠤᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ