ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠵᠤ ᠥᠷᠨᠢᠭᠦᠯᠪᠡ
ᠨᠡᠶ᠋ᠢᠲᠡᠯᠡᠭᠰᠡᠨ ᠴᠠᠭ᠄ 2024-12-19

     11 ᠰᠠᠷ᠎ᠠ ᠵᠢᠨ 29᠎ᠤ ᠡᠳᠦᠷ᠂ ᠪᠦᠬᠦ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠳᠣᠲᠣᠭ᠋ᠠᠳᠤ ᠵᠢᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢ ᠦᠨᠡᠨ ᠬᠦ᠌ ᠪᠦᠬᠦ ᠴᠠᠭᠳᠠᠭ᠎ᠠ ᠵᠢᠴᠢ ᠪᠦᠬᠦ ᠠᠵᠢᠯᠳᠠᠨ ᠠᠵᠢᠯᠴᠢᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠤᠬᠠᠮᠰᠠᠷ ᠪᠣᠯᠤᠨ ᠭᠠᠯ᠎ᠤᠨ ᠪᠠᠶ᠋ᠢᠳᠠᠯ᠎ᠢ ᠰᠢᠢ᠍ᠳᠪᠦᠷᠢᠯᠡᠬᠦ ᠴᠢᠳᠠᠪᠤᠷᠢ ᠵᠢ ᠲᠡᠭᠡᠭᠰᠢᠯᠡᠭᠦᠯᠬᠦ ᠵᠢᠨ ᠲᠦᠯᠤᠭᠡ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠪᠠᠲᠤᠯᠠᠭ᠎ᠠ ᠵᠢᠨ ᠰᠠᠯᠠᠭ᠎ᠠ᠎ᠠᠴᠠ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠴᠢ ᠳᠣᠲᠣᠭ᠋ᠠᠳᠤ ᠵᠢᠨ ᠠᠵᠢᠯᠳᠠᠨ ᠠᠵᠢᠯᠴᠢᠨ ᠨᠡᠢ᠍ᠢ᠍ᠳᠡ 120 ᠭᠠᠷᠤᠢ ᠬᠥᠮᠦᠨ᠎ᠢ ᠵᠣᠬᠢᠶᠠᠨ ᠪᠠᠶ᠋ᠢᠭᠤᠯᠵᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠪᠣᠯᠪᠠᠰᠤᠷᠠᠯ ᠥᠷᠨᠢᠭᠦᠯᠵᠦ᠂ ᠦᠬᠠᠢ ᠬᠤᠳᠠ ᠵᠢᠨ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠪᠤᠷᠢ ᠠᠩᠬᠢ ᠵᠢᠨ ᠭᠠᠯ ᠰᠡᠷᠭᠡᠶ᠋ᠢᠯᠡᠬᠦ ᠠᠵᠢᠯ᠎ᠳᠤ ᠬᠢᠨᠠᠯᠲᠠ ᠲᠠᠯᠪᠢᠬᠤ ᠰᠠᠯᠠᠭ᠋ᠠᠨ᠎ᠤ ᠳᠠᠷᠤᠭ᠎ᠠ ᠵᠠᠩ ᠢᠦᠢ ᠤᠷᠢᠯᠭ᠎ᠠ᠎ᠪᠠᠷ ᠤᠯᠠᠨ᠎ᠳᠤ ᠲᠤᠬᠠᠢ ᠵᠢᠨ ᠲᠠᠯᠠᠪᠤᠷ᠎ᠤᠨ ᠪᠣᠯᠪᠠᠰᠤᠷᠠᠯ ᠬᠦᠷᠲᠡᠭᠡᠵᠡᠢ᠃

2e9b5ce21de6790ff889a2b2ea6d73c.jpg


      ᠲᠣᠰ ᠤᠳᠠᠭ᠋ᠠᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠪᠣᠯᠪᠠᠰᠤᠷᠠᠯ᠎ᠨᠢ ᠭᠠᠯ᠎ᠤᠨ ᠠᠶᠤᠯ᠎ᠢ ᠤᠷᠢᠳᠴᠢᠯᠠᠨ ᠰᠡᠷᠭᠡᠶ᠋ᠢᠯᠡᠬᠦ ᠮᠡᠳᠡᠯᠭᠡ ᠵᠢᠨ ᠲᠠᠶ᠋ᠢᠯᠤᠮᠵᠢ᠂ ᠠᠮᠤᠷ ᠲᠦᠪᠰᠢᠨ᠎ᠤ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠦᠵᠡᠬᠦ᠂ ᠭᠠᠯ ᠠᠯᠳᠠᠭᠰᠠᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠰᠡᠷᠡᠮᠵᠢᠯᠡᠭᠦᠯᠬᠦ᠂ ᠭᠠᠯ ᠤᠨᠲᠠᠷᠠᠭ᠋ᠠᠬᠤ ᠪᠡᠯᠡᠳᠬᠡᠮᠵᠢ ᠵᠢᠨ ᠬᠡᠷᠡᠭᠯᠡᠯᠲᠡ ᠵᠢᠨ ᠲᠤᠬᠠᠶ ᠵᠢᠨ ᠲᠠᠯᠠᠪᠤᠷ᠎ᠤᠨ ᠵᠢᠱ᠌ᠢᠶ᠎ᠡ ᠦᠵᠡᠭᠦᠯᠬᠦ᠂ ᠳᠠᠭᠤᠷᠢᠶᠠᠮᠠᠯ ᠭᠠᠯ ᠤᠨᠲᠠᠷᠠᠭ᠋ᠠᠬᠤ ᠪᠣᠳᠠᠲᠠᠶ ᠪᠣᠯᠪᠠᠰᠤᠷᠠᠯ ᠵᠡᠷᠭᠡ 5 ᠭᠣᠭᠴᠣᠭ᠎ᠠ ᠬᠤᠪᠢᠶᠠᠨ᠎ᠠ᠃ ᠪᠣᠯᠪᠠᠰᠤᠷᠠᠯ᠎ᠳᠤ ᠡᠳᠦᠷ ᠲᠤᠲᠤᠮ᠎ᠤᠨ ᠠᠵᠢᠯ ᠪᠠ ᠠᠮᠢᠳᠤᠷᠠᠯ᠎ᠤᠨ ᠳᠤᠮᠳᠠᠬᠢ ᠭᠠᠯ ᠤᠨᠲᠠᠷᠠᠭ᠋ᠠᠬᠤ ᠠᠶᠤᠯ ᠲᠦᠭᠰᠢᠭᠦᠷᠢ ᠨᠡᠯᠢᠶᠡᠳ ᠶᠡᠬᠡ ᠲᠠᠯᠠᠪᠤᠷ ᠵᠶ᠋ᠠᠷ ᠭᠠᠷᠳᠠᠴᠠ ᠪᠣᠯᠭ᠋ᠠᠵᠤ᠂ ᠭᠠᠯ ᠤᠨᠲᠠᠷᠠᠭ᠋ᠠᠬᠤ ᠳᠠᠯᠳᠠ ᠬᠡᠮ᠎ᠤᠨ 《ᠶᠢᠰᠦ ᠵᠢ ᠪᠠᠶ᠋ᠢᠴᠠᠭ᠋ᠠᠵᠤ ᠶᠢᠰᠦ ᠵᠢ ᠴᠠᠭ᠋ᠠᠵᠠᠯᠠᠬᠤ》᠂ ᠬᠥᠮᠦᠰ᠎ᠢ ᠲᠠᠷᠬᠠᠭ᠋ᠠᠬᠤ

《ᠵᠢᠷᠭᠤᠭ᠎ᠠ ᠵᠢ ᠱᠠᠭ᠋ᠠᠷᠳᠠᠬᠤ ᠵᠢᠷᠭᠤᠭ᠎ᠠ ᠵᠢ ᠴᠡᠭᠡᠷᠯᠡᠬᠦ》᠂ ᠪᠠᠶ᠋ᠢᠩᠭᠤ ᠲᠣᠬᠢᠶᠠᠯᠳᠤᠬᠤ ᠭᠠᠯ ᠤᠨᠲᠠᠷᠠᠭ᠋ᠠᠭᠤᠷ ᠵᠢ ᠬᠡᠷᠡᠭᠯᠡᠬᠦ ᠠᠷᠭ᠎ᠠ᠂ ᠭᠠᠯ᠎ᠢ ᠤᠨᠲᠠᠷᠠᠭ᠋ᠠᠬᠤ ᠪᠠ ᠭᠠᠯ᠎ᠤᠨ ᠭᠠᠮᠰᠢᠭ᠎ᠠᠴᠠ ᠠᠮᠢ ᠵᠢᠭᠤᠲᠠᠬᠤ ᠵᠡᠷᠭᠡ ᠲᠠᠯ᠎ᠠ ᠵᠢᠨ ᠣᠨᠣᠯ᠎ᠤᠨ ᠮᠡᠳᠡᠯᠭᠡ ᠵᠢ ᠨᠠᠷᠢᠨ ᠲᠠᠶ᠋ᠢᠯᠪᠤᠷᠢᠯᠠᠬᠤ ᠵᠢᠨ ᠬᠠᠮᠲᠤ ᠲᠤᠬᠠᠶ ᠵᠢᠨ ᠲᠠᠯᠠᠪᠤᠷ᠎ᠲᠤ ᠵᠢᠱ᠌ᠢᠶ᠎ᠡ ᠦᠵᠡᠭᠦᠯᠬᠦ᠎ᠪᠠᠷ ᠳᠠᠮᠵᠢᠭᠤᠯᠤᠨ᠂ ᠬᠤᠪᠢ ᠬᠥᠮᠦᠨ᠎ᠤ ᠭᠠᠯ᠎ᠤᠨ ᠭᠠᠮᠰᠢᠭ᠎ᠤᠨ ᠡᠮᠦᠨ᠎ᠡ ᠬᠡᠷᠬᠢᠨ ᠠᠩᠬᠠᠨ᠎ᠤ ᠬᠤᠭᠤᠴᠠᠭ᠋ᠠᠨ᠎ᠤ ᠭᠠᠯ ᠤᠨᠲᠠᠷᠠᠭ᠋ᠠᠬᠤ ᠪᠠ ᠥᠪᠡᠷ᠎ᠢ᠎ᠪᠠᠨ ᠠᠪᠤᠷᠬᠠᠤ ᠲᠤᠬᠠᠶ ᠲᠠᠶ᠋ᠢᠯᠤᠮᠵᠢ ᠬᠢᠵᠡᠶ᠃

153ff176c8f77d6953b970b1b2a84b2.jpg


      ᠲᠣᠰ ᠤᠳᠠᠭ᠋ᠠᠨ᠎ᠤ ᠪᠣᠯᠪᠠᠰᠤᠷᠠᠯ᠎ᠳᠤ ᠪᠥᠬᠥ ᠴᠠᠭᠳᠠᠭ᠎ᠠ ᠪᠣᠯᠤᠨ ᠪᠥᠬᠥ ᠠᠵᠢᠯᠲᠠᠨ ᠠᠵᠢᠯᠴᠢᠨ᠎ᠤ ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠠᠴᠢᠮ ᠪᠠᠶ᠋ᠢᠳᠠᠯ᠎ᠤᠨ ᠳᠣᠤᠷ᠎ᠠ ᠠᠮᠢ ᠵᠢᠭᠤᠲᠠᠵᠤ ᠥᠪᠡᠷ᠎ᠢ᠎ᠪᠠᠨ ᠠᠪᠤᠷᠬᠠᠤ ᠪᠠ ᠲᠠᠷᠬᠠᠭ᠋ᠠᠬᠤ ᠵᠣᠬᠢᠶᠠᠨ ᠪᠠᠶ᠋ᠢᠭᠤᠯᠬᠤ ᠴᠢᠳᠠᠪᠤᠷᠢ ᠵᠢ ᠴᠢᠩᠭ᠋ᠠᠷᠠᠭᠤᠯᠤᠨ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠬᠡᠷᠡᠭ᠎ᠢ ᠠᠷᠭ᠋ᠠᠴᠠᠬᠤ ᠴᠢᠳᠠᠪᠤᠷᠢ ᠪᠣᠯᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠦ ᠴᠢᠳᠠᠪᠤᠷᠢ ᠵᠢ ᠳᠡᠭᠡᠭᠰᠢᠯᠡᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠳᠤ ᠪᠠᠲᠤ ᠪᠠᠬᠢ ᠲᠤᠰᠬᠠᠶ ᠮᠡᠷᠭᠡᠵᠢᠯ᠎ᠤᠨ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃

937fd7c1c058e3ec619e96f374ddae5.jpg


      ᠲᠠᠷᠠᠭ᠋ᠠᠴᠢ ᠵᠢᠨ ᠠᠯᠬᠤᠮ᠎ᠳᠤ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠲᠠᠰᠤᠷᠠᠯᠲᠠ ᠥᠬᠡᠶ ᠪᠠᠲᠤ ᠪᠠᠬᠢ ᠪᠠᠶ᠋ᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠲᠤᠰᠬᠠᠶ ᠰᠡᠳᠦᠪᠲᠦ ᠬᠥᠮᠦᠵᠢᠯ᠎ᠤᠨ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠤᠬᠠᠭᠤᠯᠭ᠎ᠠ ᠵᠢᠨ ᠭᠦᠨ ᠵᠤᠵᠠᠭ᠋ᠠᠨ ᠠᠭᠤᠷ ᠠᠮᠢᠰᠬᠤᠯ᠎ᠢ ᠦᠷᠭᠦᠯᠵᠢᠯᠡᠨ ᠪᠣᠶ  ᠪᠤᠯᠠᠭ᠋ᠠᠨ᠂ ᠠᠮᠤᠷ ᠲᠦᠪᠰᠢᠨ᠎ᠤ ᠦᠵᠡᠯᠲᠡ᠂ ᠰᠡᠷᠭᠡᠶ᠋ᠢᠯᠡᠬᠦ ᠤᠬᠠᠮᠰᠠᠷ᠎ᠢ ᠬᠥᠮᠦᠰ᠎ᠤᠨ ᠰᠡᠳᠬᠢᠯ᠎ᠳᠤ ᠨᠠᠩ ᠭᠦᠨ ᠬᠠᠳᠠᠩᠰᠢᠭᠤᠯᠤᠨ᠎ᠠ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ