ᠵᠤᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠲᠦᠩᠯᠢᠶᠣᠤ ᠬᠣᠲᠠ ᠵᠢᠨ ᠵᠠᠷᠤᠳ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠶᠠᠷᠲᠤᠬᠤᠰᠢᠭᠤ ᠲᠣᠮᠢᠯᠠᠭᠰᠠᠨ ᠰᠠᠯᠪᠤᠷᠢ ᠦᠵᠡᠮᠵᠢ ᠵᠢᠨ ᠣᠷᠣᠨ᠎ᠤ ᠠᠮᠤᠷ ᠲᠦᠪᠰᠢᠨ᠎ᠤ ᠣᠨᠴᠠᠯᠢᠭᠲᠤ ᠰᠠᠭᠤᠷᠢᠯᠠᠨ᠂ ᠵᠣᠴᠢᠳ᠎ᠤᠨ ᠪᠠᠭᠤᠳᠠᠯ᠂ ᠦᠵᠡᠮᠵᠢ ᠵᠢᠨ ᠣᠷᠣᠨ ᠵᠢᠴᠢ ᠢᠳᠡᠭᠡᠨ ᠤᠮᠳᠠᠭ᠋ᠠᠨ᠎ᠤ ᠠᠵᠢᠯ ᠲᠥᠷᠥᠯ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠡᠷᠴᠢᠮ᠎ᠢ ᠴᠢᠩᠭ᠋ᠠᠳᠬᠠᠵᠤ᠂ ᠵᠠᠮ ᠬᠠᠷᠢᠯᠴᠠᠭ᠋ᠠᠨ᠎ᠤ ᠴᠠᠭᠳᠠᠭ᠎ᠠ᠂ ᠣᠨᠴᠠ ᠲᠥᠷᠥᠯ᠎ᠤᠨ ᠴᠠᠭᠳᠠᠭ᠎ᠠ ᠵᠡᠷᠭᠡ ᠴᠠᠭᠳᠠᠭ᠋ᠠᠨ᠎ᠤ ᠲᠥᠷᠥᠯ᠎ᠲᠠᠢ ᠬᠠᠮᠵᠢᠯᠴᠠᠨ ᠬᠥᠳᠡᠯᠦᠯᠴᠡᠵᠦ᠂ ᠭᠣᠤᠯ ᠪᠣᠯᠬᠤ ᠵᠠᠮ᠎ᠤᠨ ᠬᠡᠰᠡᠭ᠂ ᠭᠣᠤᠯᠳᠠᠯᠭ᠎ᠠ᠎ᠲᠠᠢ ᠦᠵᠡᠮᠵᠢ ᠵᠢᠨ ᠣᠷᠣᠨ᠎ᠳᠤ ᠲᠣᠭᠣᠷᠢᠨ ᠴᠠᠭᠳᠠᠵᠤ ᠲᠣᠭᠣᠷᠢᠨ ᠪᠠᠶ᠋ᠢᠴᠠᠭ᠋ᠠᠵᠤ᠂ ᠬᠡᠷᠡᠭ ᠭᠠᠷᠬᠤ ᠵᠢ ᠰᠡᠷᠭᠡᠶ᠋ᠢᠯᠡᠬᠦ᠂ ᠠᠮᠤᠷ ᠲᠦᠪᠰᠢᠨ᠎ᠤ ᠡᠨᠳᠡᠯ ᠭᠠᠷᠬᠤ ᠵᠢ ᠰᠡᠷᠭᠡᠶ᠋ᠢᠯᠡᠬᠦ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠠᠷᠢᠯᠭ᠋ᠠᠬᠤ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠭᠦᠢ᠍ᠴᠡᠳᠬᠡᠵᠦ᠂ ᠦᠵᠡᠮᠵᠢ ᠵᠢᠨ ᠣᠷᠣᠨ᠎ᠤ ᠠᠮᠤᠷ ᠲᠦᠪᠰᠢᠨ᠎ᠤ ᠳᠠᠯᠳᠠ ᠬᠡᠮ᠎ᠢ ᠨᠡᠶ᠋ᠢᠲᠡ 10 ᠭᠠᠷᠤᠶ ᠭᠠᠵᠠᠷ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠰᠠᠶ᠋ᠢᠵᠢᠷᠠᠭᠤᠯᠵᠤ᠂ ᠵᠤᠭ᠋ᠠᠴᠠᠭᠰᠠᠳ᠎ᠲᠤ ᠨᠡᠶ᠋ᠢᠲᠡ 420 ᠭᠠᠷᠤᠶ ᠬᠥᠮᠦᠨ ᠤᠳᠠᠭ᠎ᠠ ᠦᠢ᠍ᠯᠡᠴᠢᠯᠡᠪᠡ᠃

