ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠬᠦ ᠤᠨᠲᠠᠷᠠᠭ᠋ᠠᠬᠤ ᠬᠠᠮᠲᠤᠷᠠᠭᠰᠠᠨ ᠪᠠᠶ᠋ᠢᠴᠠᠭ᠋ᠠᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-12-26

      ᠣᠶ᠋ᠢᠷ᠎ᠠ᠎ᠳᠤ᠂ ᠰᠢᠯᠢ ᠵᠢᠨ ᠭᠤᠤᠯ ᠠᠶ᠋ᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠮᠢ ᠠᠬᠤᠶ ᠣᠷᠴᠢᠨ ᠲᠣᠭᠣᠷᠢᠨ ᠢᠳᠡᠭᠡᠨ ᠡᠮ᠎ᠤᠨ ᠵᠦᠢ᠍ᠯ᠎ᠤᠨ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠬᠦ ᠤᠨᠲᠠᠷᠠᠭ᠋ᠠᠬᠤ ᠬᠠᠮᠲᠤᠷᠠᠭᠰᠠᠨ ᠪᠠᠶ᠋ᠢᠴᠠᠭ᠋ᠠᠯᠲᠠ ᠥᠷᠨᠢᠭᠦᠯᠪᠡ᠃

西乌旗2.jpg


      ᠲᠤᠬᠠᠶ ᠵᠢᠨ ᠭᠠᠵᠠᠷ᠎ᠲᠤ᠎ᠨᠢ ᠪᠠᠶ᠋ᠢᠴᠠᠭ᠋ᠠᠨ ᠦᠵᠡᠬᠦ᠂ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠪᠠᠶ᠋ᠢᠴᠠᠭ᠋ᠠᠨ ᠦᠵᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠭᠠᠯ ᠰᠡᠷᠭᠡᠶ᠋ᠢᠯᠡᠬᠦ ᠲᠦᠷᠢᠮ᠎ᠤᠨ ᠪᠠᠶ᠋ᠢᠭᠤᠯᠤᠯᠲᠠ᠂ ᠲᠣᠨᠣᠭ ᠲᠥᠬᠥᠭᠡᠷᠦᠮᠵᠢ ᠵᠢᠨ ᠴᠢᠳᠠᠮᠵᠢ᠂ ᠪᠠᠴᠢᠮ ᠪᠠᠶ᠋ᠢᠳᠠᠯ᠎ᠢ ᠠᠷᠭ᠋ᠠᠴᠠᠬᠤ ᠵᠢᠵᠢᠭᠦᠷ᠂ ᠭᠠᠯ ᠰᠡᠷᠭᠡᠶ᠋ᠢᠯᠡᠬᠦ ᠤᠬᠠᠭᠤᠯᠭ᠎ᠠ ᠵᠡᠷᠭᠡ ᠪᠠᠶ᠋ᠢᠳᠠᠯ᠎ᠳᠤ ᠪᠠᠶ᠋ᠢᠴᠠᠭ᠋ᠠᠯᠲᠠ ᠬᠢᠵᠦ᠂ ᠣᠷᠣᠰᠢᠵᠤ ᠪᠠᠶ᠋ᠢᠭ᠎ᠠ ᠠᠮᠤᠷ ᠲᠦᠪᠰᠢᠨ᠎ᠤ ᠳᠠᠯᠳᠠ ᠬᠡᠮ᠎ᠳᠤ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠳᠤᠷᠠᠳᠴᠤ᠂ ᠠᠭᠤᠯᠠᠨ᠎ᠳᠤ ᠭᠠᠷᠴᠤ ᠣᠶ ᠰᠢᠭᠤᠶ᠎ᠳᠤ ᠣᠷᠣᠬᠤ ᠬᠥᠮᠦᠰ ᠪᠠ ᠲᠡᠷᠭᠡ ᠬᠥᠰᠬᠡ ᠵᠢᠨ ᠪᠠᠶ᠋ᠢᠴᠠᠭ᠋ᠠᠵᠤ ᠬᠠᠮᠢᠶᠠᠷᠬᠤ ᠵᠢ ᠵᠢᠯᠣᠭᠣᠳᠤᠨ ᠴᠢᠩᠭ᠋ᠠᠳᠬᠠᠵᠤ᠂ ᠳᠠᠯᠳᠠ ᠬᠡᠮ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠢᠭᠰᠠᠭ᠋ᠠᠨ ᠪᠠᠶ᠋ᠢᠴᠠᠭ᠋ᠠᠵᠤ᠂ ᠬᠠᠷᠢᠶᠠᠲᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠪᠠᠶ᠋ᠢᠳᠠᠯ ᠦᠷᠭᠦᠯᠵᠢᠯᠡᠨ ᠲᠣᠭᠲᠠᠭᠤᠨ ᠪᠠᠶ᠋ᠢᠬᠤ ᠵᠢ ᠦᠨᠡᠨ ᠬᠦ᠌ ᠪᠠᠳᠤᠯᠠᠪᠠ᠃

 

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ