ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠴᠢᠩ ᠱᠦᠶ ᠾᠧ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠧᠩ ᠭᠤᠸᠠᠨ ᠲᠣᠮᠢᠯᠠᠭᠰᠠᠨ ᠰᠠᠯᠪᠤᠷᠢ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ 《5.1》᠎ᠤ ᠪᠠᠶᠠᠷ᠎ᠤᠨ ᠡᠳᠦᠷ᠎ᠠᠴᠠ ᠡᠮᠦᠨᠡᠬᠢ ᠭᠠᠯ᠎ᠤᠨ ᠠᠶᠤᠯ᠎ᠢ ᠰᠡᠷᠭᠡᠢ᠌ᠯᠡᠬᠦ ᠠᠮᠤᠷ ᠲᠦᠪᠰᠢᠨ᠎ᠤ ᠪᠠᠶ᠋ᠢᠴᠠᠭ᠋ᠠᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-06-20

    4 ᠳ᠋ᠦ᠍ᠭᠡᠷ ᠰᠠᠷ᠎ᠠ ᠵᠢᠨ 24᠎ᠤ ᠡᠳᠦᠷ᠂ ᠬᠦᠬᠡᠬᠤᠲᠠ ᠵᠢᠨ ᠴᠢᠩ ᠱᠦᠶ ᠾᠧ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠧᠩ ᠭᠤᠸᠠᠨ ᠲᠣᠮᠢᠯᠠᠭᠰᠠᠨ ᠰᠠᠯᠪᠤᠷᠢ ᠬᠠᠷᠢᠶ᠎ᠠ ᠣᠷᠣᠨ᠎ᠤ᠎ᠪᠠᠨ 《5.1》᠎ᠤ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠠᠬᠢ ᠭᠠᠯ᠎ᠤᠨ ᠠᠶᠤᠯ᠎ᠢ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠴᠧᠩ ᠭᠤᠸᠠᠨ ᠲᠣᠮᠢᠯᠠᠭᠰᠠᠨ ᠰᠠᠯᠪᠤᠷᠢ ᠬᠤᠲᠠ ᠵᠢᠨ ᠠᠶᠤᠯᠭᠦᠶ ᠦᠢ᠍ᠯᠡᠳᠪᠦᠷᠢᠯᠡᠯ᠎ᠤᠨ ᠵᠥᠪᠯᠡᠯ᠎ᠤᠨ ᠠᠯᠪᠠᠨ ᠬᠡᠷ᠂ ᠰᠢᠶᠠᠨ᠎ᠤ ᠭᠠᠯ ᠤᠨᠲᠠᠷᠠᠭ᠋ᠠᠬᠤ ᠶᠡᠭᠡ ᠠᠩᠭᠢ᠎ᠲᠠᠢ ᠬᠠᠮᠲᠤᠷᠠᠭᠰᠠᠨ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠵᠤ᠂ ᠬᠠᠷᠢᠶᠠᠲᠤ ᠣᠷᠣᠨ᠎ᠤ ᠬᠤᠳᠠᠯᠳᠤᠭ᠋ᠠᠨ᠎ᠤ ᠬᠡᠲᠦ ᠳᠡᠯᠭᠡᠭᠦᠷ᠂ ᠵᠣᠴᠢᠳ᠎ᠤᠨ ᠪᠠᠭᠤᠳᠠᠯ ᠵᠡᠷᠭᠡ ᠬᠥᠮᠦᠨ ᠬᠠᠷ᠎ᠠ ᠲᠥᠪᠯᠡᠷᠡᠭᠰᠡᠨ ᠭᠠᠵᠠᠷ᠎ᠲᠤ ᠭᠦᠨᠵᠡᠭᠡᠶ᠋ᠢᠷᠡᠨ ᠪᠠᠶᠠᠷ᠎ᠤᠨ ᠡᠳᠦᠷ᠎ᠠᠴᠠ ᠡᠮᠦᠨᠡᠬᠢ ᠭᠠᠯ᠎ᠤᠨ ᠠᠶᠤᠯ᠎ᠢ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠥᠷᠨᠢᠭᠦᠯᠪᠡ᠃

 图片1.jpg 


    ᠡᠬᠡ ᠲᠠᠩᠰᠠ ᠵᠢ ᠪᠠᠶ᠋ᠢᠴᠠᠭ᠋ᠠᠨ ᠦᠵᠡᠬᠦ ᠪᠠ ᠲᠤᠬᠠᠶ ᠵᠢᠨ ᠭᠠᠵᠠᠷ᠎ᠲᠤ᠎ᠨᠢ ᠪᠠᠶ᠋ᠢᠴᠠᠭ᠋ᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠡᠲᠦ ᠳᠡᠯᠭᠡᠭᠦᠷ᠎ᠤᠨ ᠬᠥᠮᠦᠨ ᠣᠯᠠᠨ᠂ ᠡᠳ᠋ ᠪᠠᠷᠠᠭ᠎ᠠ ᠣᠪᠣᠭ᠋ᠠᠯᠠᠭᠰᠠᠨ ᠣᠨᠴᠠᠯᠢᠭ᠎ᠲᠤ ᠴᠢᠭᠯᠡᠭᠦᠯᠦᠨ᠂ ᠲᠠᠯᠠᠪᠤᠷ ᠳᠣᠲᠣᠷᠠᠬᠢ ᠭᠠᠯ ᠤᠨᠲᠠᠷᠠᠭ᠋ᠠᠬᠤ ᠪᠡᠯᠡᠳᠬᠡᠮᠵᠢ ᠵᠢᠨ ᠪᠠᠭ᠋ᠠᠵᠢ ᠬᠡᠷᠡᠭᠰᠡᠯ ᠪᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠲᠡᠮᠳᠡᠭ᠎ᠨᠢ ᠪᠠᠷᠢᠮᠵᠢᠶ᠎ᠠ᠎ᠳᠤ ᠨᠡᠶ᠋ᠢᠴᠡᠬᠦ ᠡᠰᠡᠬᠦ᠂ ᠠᠮᠤᠷ ᠲᠦᠪᠰᠢᠨ ᠭᠠᠷᠬᠤ ᠡᠭᠦᠳᠡ ᠪᠠ ᠭᠠᠯ ᠤᠨᠲᠠᠷᠠᠭ᠋ᠠᠬᠤ ᠨᠡᠪᠲᠡᠷᠡᠬᠦ ᠵᠠᠮ᠎ᠨᠢ ᠰᠠᠭ᠋ᠠᠳ ᠥᠬᠡᠶ ᠨᠡᠪᠲᠡᠷᠡᠬᠦ ᠡᠰᠡᠬᠦ᠂ ᠭᠠᠯ ᠤᠨᠲᠠᠷᠠᠭ᠋ᠠᠬᠤ ᠪᠡᠯᠡᠳᠬᠡᠮᠵᠢ ᠵᠢᠨ ᠪᠠᠭ᠋ᠠᠵᠢ ᠬᠡᠷᠡᠭᠰᠡᠯ ᠲᠣᠬᠢᠷᠠᠭᠤᠯᠤᠭᠰᠠᠨ ᠡᠰᠡᠬᠦ᠂ ᠴᠠᠬᠢᠯᠭ᠋ᠠᠨ ᠪᠠ ᠭᠠᠯ᠎ᠢ ᠬᠡᠷᠡᠭᠯᠡᠬᠦ᠎ᠨᠢ ᠵᠥᠪ ᠡᠰᠡᠬᠦ ᠵᠡᠷᠭᠡ ᠪᠠᠶ᠋ᠢᠳᠠᠯ᠎ᠢ ᠭᠤᠤᠯᠳᠠᠯᠭ᠎ᠠ᠎ᠲᠠᠢ ᠪᠥᠬᠦ ᠲᠠᠯ᠎ᠠ᠎ᠪᠠᠷ ᠪᠠᠶ᠋ᠢᠴᠠᠭ᠋ᠠᠪᠠ᠃ ᠪᠠᠶ᠋ᠢᠴᠠᠭ᠋ᠠᠬᠤ ᠶᠠᠪᠤᠴᠠ᠎ᠳᠤ ᠣᠯᠵᠤ ᠮᠡᠳᠡᠭᠰᠡᠨ ᠠᠮᠤᠷ ᠲᠦᠪᠰᠢᠨ᠎ᠤ ᠳᠠᠯᠳᠠ ᠬᠡᠮ᠎ᠳᠤ ᠴᠢᠭᠯᠡᠭᠦᠯᠦᠨ᠂ ᠪᠠᠶ᠋ᠢᠴᠠᠭ᠋ᠠᠬᠤ ᠳᠤᠭᠤᠶ᠋ᠢᠯᠠᠩ ᠲᠡᠷᠡ ᠳᠠᠷᠤᠶ᠎ᠳᠤ᠎ᠨᠢ ᠴᠡᠭᠴᠡᠯᠡᠨ ᠰᠠᠶ᠋ᠢᠵᠢᠷᠠᠭᠤᠯᠬᠤ ᠰᠠᠨᠠᠯ ᠳᠤᠷᠠᠳᠴᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ ᠵᠶ᠋ᠠᠨ ᠳᠡᠭᠡᠭᠰᠢᠯᠡᠭᠦᠯᠦᠨ᠂ ᠥᠪᠡᠰᠦᠪᠡᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠠᠮᠤᠷ ᠲᠦᠪᠰᠢᠨ᠎ᠤ ᠠᠳᠡᠯ ᠭᠠᠷᠤᠮᠠᠭᠴᠠ ᠴᠠᠭ ᠲᠤᠬᠠᠶ᠎ᠳᠤ᠎ᠨᠢ ᠢᠯᠡᠷᠡᠭᠦᠯᠵᠦ᠂ ᠴᠠᠭ ᠲᠤᠬᠠᠶ᠎ᠳᠤ᠎ᠨᠢ ᠰᠢᠢ᠍ᠳᠪᠦᠷᠢᠯᠡᠬᠦ ᠬᠡᠷᠡᠭᠲᠡᠶ ᠭᠡᠵᠦ ᠱᠠᠭ᠋ᠠᠷᠳᠠᠪᠠ᠃

图片3.jpg  


    ᠲᠣᠰ ᠤᠳᠠᠭ᠋ᠠᠨ᠎ᠤ ᠬᠠᠮᠲᠤᠷᠠᠭᠰᠠᠨ ᠪᠠᠶ᠋ᠢᠴᠠᠭ᠋ᠠᠯᠲᠠ᠎ᠨᠢ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ᠎ᠢ ᠪᠦᠲᠦᠮᠵᠢᠲᠡᠶ ᠨᠠᠶ᠋ᠢᠳᠠᠪᠤᠷᠢᠵᠢᠭᠤᠯᠵᠤ᠂ ᠬᠠᠷᠢᠶᠠᠲᠤ ᠣᠷᠣᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠨ᠂ ᠡᠯ᠎ᠡ ᠨᠢᠭᠡᠴᠢ ᠵᠢᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠦᠵᠡᠯ ᠤᠬᠠᠮᠰᠠᠷ ᠪᠠ ᠠᠵᠢᠯᠯᠠᠭ᠋ᠠᠨ᠎ᠤ ᠤᠬᠠᠮᠰᠠᠷᠲᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶᠠᠲᠤ ᠣᠷᠣᠨ᠎ᠤ ᠣᠯᠠᠨ ᠲᠦᠮᠡᠨ᠎ᠤ

《5.1》᠎ᠤ ᠠᠮᠠᠷᠠᠯᠲᠠ ᠵᠢᠨ ᠬᠤᠭᠤᠴᠠᠭ᠎ᠠ ᠵᠢ ᠪᠠᠶᠠᠷ ᠬᠥᠷ᠎ᠲᠠᠢ ᠥᠩᠭᠡᠷᠡᠭᠦᠯᠬᠦ᠎ᠳᠤ ᠰᠠᠶ᠋ᠢᠨ ᠰᠠᠶ᠋ᠢᠬᠠᠨ ᠠᠮᠤᠷ ᠲᠦᠪᠰᠢᠨ᠎ᠤ ᠣᠷᠴᠢᠨ ᠨᠥᠬᠦᠴᠡᠯ᠎ᠢ ᠪᠣᠶ ᠪᠣᠯᠭ᠋ᠠᠵᠤ ᠥᠭᠪᠡ᠃

 

ᠢᠷᠡᠯᠲᠡ᠄ ᠬᠦᠬᠡᠬᠤᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ