ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠠᠷᠤ ᠬᠣᠷᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠯᠴᠢᠷᠤᠳ ᠲᠣᠮᠢᠯᠠᠭᠰᠠᠨ ᠰᠠᠯᠪᠤᠷᠢ ᠬᠡᠷᠡᠭ ᠥᠳᠥᠵᠦ ᠤᠷᠰᠢᠭ ᠲᠠᠲᠠᠭᠰᠠᠨ ᠬᠡᠷᠡᠭ᠎ᠲᠤ ᠴᠣᠬᠢᠯᠲᠠ ᠥᠭᠪᠡ
ᠨᠡᠶ᠋ᠢᠲᠡᠯᠡᠭᠰᠡᠨ ᠴᠠᠭ᠄ 2024-06-27

    6 ᠰᠠᠷ᠎ᠠ ᠵᠢᠨ 19᠎ᠤ ᠡᠳᠦᠷ᠂ ᠨᠡᠶ᠋ᠢᠭᠡᠮ᠎ᠤᠨ ᠠᠮᠤᠷ ᠲᠦᠪᠰᠢᠨ᠎ᠤ ᠣᠷᠴᠢᠨ ᠨᠥᠬᠥᠴᠡᠯ᠎ᠢ ᠦᠷᠭᠦᠯᠵᠢᠯᠡᠨ ᠰᠠᠶ᠋ᠢᠵᠢᠷᠠᠭᠤᠯᠤᠨ ᠰᠢᠯᠢᠳᠡᠭᠵᠢᠭᠦᠯᠵᠦ᠂ ᠨᠡᠶ᠋ᠢᠭᠡᠮ᠎ᠤᠨ ᠲᠠᠯ᠎ᠠ ᠵᠢᠨ ᠠᠮᠤᠷ ᠲᠦᠪᠰᠢᠨ᠎ᠤ ᠳᠠᠯᠳᠠ ᠭᠡᠮ᠎ᠢ ᠪᠦᠲᠦᠮᠵᠢᠲᠡᠶ᠎ᠪᠠᠷ ᠰᠡᠷᠭᠡᠶ᠋ᠢᠯᠡᠨ ᠠᠷᠢᠯᠭ᠋ᠠᠵᠤ᠂ ᠬᠠᠷᠢᠶ᠎ᠠ ᠣᠷᠣᠨ᠎ᠤ ᠨᠡᠶ᠋ᠢᠭᠡᠮ᠎ᠤᠨ ᠠᠮᠤᠷ ᠲᠦᠪᠰᠢᠨ᠎ᠤ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠪᠦᠬᠦ ᠬᠦᠴᠦᠨ ᠵᠶ᠋ᠠᠷ ᠵᠶ᠋ᠠᠨ ᠬᠠᠮᠠᠭ᠋ᠠᠯᠠᠬᠤ ᠵᠢᠨ ᠲᠥᠯᠥᠭᠡ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠯᠴᠢᠷᠤᠳ ᠰᠤᠮᠤᠨ᠎ᠤ ᠲᠣᠮᠢᠯᠠᠭᠰᠠᠨ ᠰᠠᠯᠪᠤᠷᠢ ᠬᠡᠷᠡᠭ ᠥᠳᠥᠭᠡᠭᠰᠡᠨ ᠬᠡᠷᠡᠭ᠎ᠲᠤ ᠴᠣᠬᠢᠯᠲᠠ ᠥᠭᠴᠦ ᠰᠢᠢ᠍ᠳᠪᠦᠷᠢᠯᠡᠵᠡᠶ᠃

寻衅滋事案.jpg


    6 ᠰᠠᠷ᠎ᠠ ᠵᠢᠨ 17᠎ᠤ ᠡᠳᠦᠷ᠂ ᠪᠠᠯᠴᠢᠷᠤᠳ ᠰᠤᠮᠤᠨ᠎ᠤ ᠲᠣᠮᠢᠯᠠᠭᠰᠠᠨ ᠰᠠᠯᠪᠤᠷᠢ ᠨᠢᠭᠡᠨ ᠵᠣᠴᠢᠳ᠎ᠤᠨ ᠪᠠᠭᠤᠳᠠᠯ᠎ᠤᠨ ᠦᠢ᠍ᠯᠡᠴᠢᠯᠡᠭᠴᠢ ᠰᠤ᠌ ᠣᠪᠣᠭᠲᠤ ᠵᠠᠷᠢᠮ ᠬᠥᠮᠦᠨ ᠠᠷᠢᠬᠢ ᠤᠤᠭᠤᠭᠰᠠᠨ᠎ᠤ ᠳᠠᠷᠠᠭ᠎ᠠ ᠬᠡᠷᠡᠭ ᠥᠳᠥᠵᠦ ᠲᠡᠭᠦᠨ᠎ᠢ ᠵᠣᠳᠣᠵᠠᠶ ᠭᠡᠰᠡᠨ ᠬᠡᠷᠡᠭ᠎ᠤᠨ ᠮᠡᠳᠡᠭᠦᠯᠦᠯᠲᠡ ᠵᠢ ᠲᠤᠰᠪᠠ᠃ ᠬᠡᠷᠡᠭ᠎ᠤᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠲᠡᠷᠡ ᠳᠠᠷᠤᠶ᠎ᠳᠤ᠎ᠨᠢ ᠲᠤᠬᠠᠶ ᠵᠢᠨ ᠲᠠᠯᠠᠪᠤᠷ᠎ᠲᠤ ᠬᠦᠷᠴᠦ᠂ ᠭᠡᠷᠡᠴᠢ ᠪᠠᠷᠢᠮᠲᠠ ᠵᠢ ᠲᠣᠭᠲᠠᠪᠤᠷᠢᠵᠢᠭᠤᠯᠵᠠᠶ᠃ ᠰᠢᠭᠦᠨ ᠠᠰᠠᠭᠤᠬᠤ᠎ᠪᠠᠷ ᠳᠠᠮᠵᠢᠭ᠋ᠠᠳ ᠨᠠ ᠣᠪᠣᠭᠲᠤ ᠥᠪᠡᠷ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠪᠠᠨ ᠨᠢᠭᠤᠯ ᠦᠭᠡᠢ ᠥᠴᠢᠭᠯᠡᠨ ᠮᠡᠳᠡᠷᠡᠵᠡᠶ᠃
    ᠣᠳᠣᠬᠠᠨ᠎ᠳᠤ᠂ ᠠᠷᠤ ᠬᠣᠷᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠯᠴᠢᠷᠤᠳ ᠰᠤᠮᠤᠨ᠎ᠤ ᠲᠣᠮᠢᠯᠠᠭᠰᠠᠨ ᠰᠠᠯᠪᠤᠷᠢ᠎ᠠᠴᠠ ᠨᠠ ᠣᠪᠣᠭᠲᠤ ᠵᠢᠨ ᠬᠡᠷᠡᠭ ᠥᠳᠥᠵᠦ ᠤᠷᠰᠢᠭ ᠲᠠᠲᠠᠭᠰᠠᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠠᠷᠪᠠᠨ ᠡᠳᠦᠷ ᠵᠠᠰᠠᠭ ᠵᠠᠬᠢᠷᠭ᠋ᠠᠨ ᠵᠶ᠋ᠠᠷ ᠲᠦᠷ ᠬᠣᠷᠢᠬᠤ᠎ᠪᠠᠷ ᠰᠢᠢ᠍ᠳᠭᠡᠵᠦ᠂ 500 ᠲᠥᠭᠥᠷᠢᠭ ᠵᠶ᠋ᠠᠷ ᠲᠤᠷᠭ᠋ᠠᠪᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ