6 ᠳ᠋ᠤᠭ᠋ᠠᠷ ᠰᠠᠷ᠎ᠠ ᠵᠢᠨ 29᠎ᠤ ᠡᠳᠦᠷ᠂ ᠪᠠᠷᠠᠭᠤᠨ ᠦᠵᠦᠮᠦᠴᠢᠨ ᠬᠣᠰᠢᠭᠤᠨ᠎ᠤ ᠴᠠᠭ᠋ᠠᠨ ᠠᠳᠣᠭᠣᠨ᠎ᠤ ᠰᠣᠶᠣᠯ᠎ᠤᠨ ᠨᠠᠢ᠌ᠷ ᠪᠣᠯᠵᠣᠭ᠎ᠠ ᠶᠣᠰᠣᠭ᠋ᠠᠷ ᠬᠦᠷᠴᠦ ᠢᠷᠡᠪᠡ᠃ ᠪᠠᠷᠠᠭᠤᠨ ᠦᠵᠦᠮᠦᠴᠢᠨ ᠬᠤᠰᠢᠭᠤᠨ᠎ᠤ ᠳᠣᠳᠣᠭ᠋ᠠᠳᠣ ᠵᠢ ᠬᠠᠮᠠᠭ᠋ᠠᠯᠠᠬᠤ ᠳᠣᠪᠴᠢᠶ᠎ᠠ᠎ᠨᠢ ᠣᠳᠣᠷᠢᠳᠣᠯᠭ᠎ᠠ᠎ᠪᠠᠨ ᠴᠢᠩᠭ᠋ᠠᠳᠬᠠᠵᠣ᠂ ᠨᠠᠷᠢᠯᠢᠭ ᠪᠠᠶ᠋ᠢᠷᠢᠯᠠᠭᠤᠯᠵᠦ᠂ ᠪᠦᠬᠦ ᠬᠦᠴᠦᠨ ᠵᠶ᠋ᠠᠷ ᠴᠢᠷᠮᠠᠶ᠋ᠢᠨ᠂ 100 ᠭᠠᠷᠣᠢ ᠬᠦᠮᠦᠨ᠎ᠢ ᠵᠣᠬᠢᠶᠠᠨ ᠪᠠᠶ᠋ᠢᠭᠤᠯᠵᠦ᠂ ᠰᠣᠶᠣᠯ᠎ᠤᠨ ᠨᠠᠶ᠋ᠢᠷ᠂ ᠳᠠᠭᠤᠤ ᠬᠦᠭᠵᠢᠮ᠎ᠤᠨ ᠨᠠᠶ᠋ᠢᠷ᠎ᠤᠨ ᠠᠮᠣᠷ ᠳᠦᠪᠰᠢᠨ᠎ᠢ ᠬᠠᠮᠠᠭ᠋ᠠᠯᠠᠬᠤ ᠡᠬᠦᠷᠬᠡ᠎ᠪᠠᠨ ᠠᠮᠵᠢᠯᠳᠠᠳᠠᠢ ᠪᠡᠶᠡᠯᠡᠬᠦᠯᠪᠡ᠃


ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠵᠢᠯᠯᠠᠭ᠎ᠠ ᠶᠠᠪᠤᠭᠳᠠᠬᠤ᠎ᠠᠴᠠ ᠡᠮᠦᠨ᠎ᠡ ᠲᠤᠬᠠᠶ ᠵᠢᠨ ᠲᠠᠯᠠᠪᠤᠷ᠎ᠲᠤ ᠣᠯᠠᠨ ᠤᠳᠠᠭ᠎ᠠ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠲᠠ ᠬᠢᠵᠦ᠂ ᠴᠠᠭᠳᠠᠭ᠋ᠠᠨ᠎ᠤ ᠬᠦᠴᠦᠨ᠎ᠢ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠤᠨ ᠪᠠᠶ᠋ᠢᠷᠢᠯᠠᠭᠤᠯᠵᠤ᠂ ᠠᠮᠤᠷ᠎ᠢ ᠬᠠᠮᠠᠭ᠋ᠠᠯᠠᠬᠤ ᠲᠥᠰᠦᠯ᠎ᠢ ᠤᠷᠢᠳᠴᠢᠯᠠᠨ ᠲᠣᠭᠲᠠᠭ᠋ᠠᠵᠤ᠂ ᠡᠯ᠎ᠡ ᠵᠦᠢ᠍ᠯ᠎ᠤᠨ ᠠᠮᠤᠷ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠨ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠱᠠᠲᠤ ᠱᠠᠲᠤ᠎ᠪᠠᠷ ᠰᠠᠶ᠋ᠢᠲᠤᠷ ᠠᠳᠬᠤᠵᠤ᠂ ᠠᠵᠢᠯᠯᠠᠭ᠎ᠠ ᠵᠢᠨ ᠠᠮᠤᠷ ᠲᠦᠪᠰᠢᠨ ᠡᠮᠬᠢ ᠵᠢᠷᠤᠮ᠎ᠲᠠᠢ ᠪᠠᠶ᠋ᠢᠬᠤ ᠵᠢ ᠦᠨᠡᠨ ᠬᠦ᠌ ᠪᠠᠲᠤᠯᠠᠪᠠ᠃ ᠠᠮᠤᠷ᠎ᠢ ᠬᠠᠮᠠᠭ᠋ᠠᠯᠠᠬᠤ ᠠᠵᠢᠯ᠎ᠤᠨ ᠬᠤᠷᠠᠯ᠎ᠤᠨ ᠲᠠᠯᠠᠪᠠᠢ᠎ᠪᠠᠷ ᠭᠤᠤᠯᠳᠠᠯᠭ᠎ᠠ ᠪᠣᠯᠭ᠋ᠠᠵᠤ᠂ ᠣᠯᠠᠨ ᠵᠢᠵᠢᠭᠦᠷᠯᠡᠬᠦ ᠣᠷᠣᠨ᠂ ᠵᠢᠵᠢᠭᠦᠷᠯᠡᠬᠦ ᠴᠡᠭ ᠬᠤᠪᠢᠶᠠᠵᠤ᠂ ᠰᠢᠨᠵᠢᠯᠡᠬᠦ ᠤᠬᠠᠭ᠋ᠠᠨᠴᠢ᠎ᠪᠠᠷ ᠴᠠᠭᠳᠠᠭ᠋ᠠᠨ᠎ᠤ ᠬᠦᠴᠦᠨ᠎ᠢ ᠬᠤᠪᠢᠶᠠᠷᠢᠯᠠᠨ᠂ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠪᠥᠬᠦ ᠵᠢᠵᠢᠭᠦᠷᠯᠡᠵᠦ ᠪᠠᠶ᠋ᠢᠭ᠎ᠠ ᠠᠷᠠᠳ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠮᠲᠤᠷᠠᠨ ᠪᠠᠶ᠋ᠢᠯᠳᠤᠵᠤ᠂ ᠨᠢᠭᠲᠠ ᠵᠣᠯᠭ᠋ᠠᠭᠤᠯᠵᠤ᠂ ᠦᠵᠡᠭᠴᠢᠳ᠎ᠢ ᠡᠮᠬᠢ ᠵᠢᠷᠤᠮ᠎ᠲᠠᠢ᠎ᠪᠠᠷ ᠬᠥᠲᠥᠯᠦᠨ ᠵᠢᠯᠣᠭᠤᠳᠴᠤ ᠪᠠᠶ᠋ᠢᠭ᠋ᠠᠳ ᠲᠠᠯᠠᠪᠠᠶ᠎ᠳᠤ ᠣᠷᠤᠭᠤᠯᠵᠤ᠂ ᠲᠠᠯᠠᠪᠤᠷ᠎ᠠᠴᠠ ᠭᠠᠷᠭ᠋ᠠᠵᠤ᠂ ᠡᠯ᠎ᠡ ᠲᠥᠷᠥᠯ᠎ᠤᠨ ᠠᠮᠤᠷ ᠲᠦᠪᠰᠢᠨ᠎ᠤ ᠳᠠᠯᠳᠠ ᠬᠡᠮ᠎ᠢ ᠴᠠᠭ ᠲᠤᠬᠠᠶ᠎ᠳᠤᠨᠢ ᠢᠯᠡᠷᠡᠭᠦᠯᠬᠦ ᠪᠠ ᠰᠢᠢ᠍ᠳᠪᠦᠷᠢᠯᠡᠬᠦ ᠵᠢ ᠪᠠᠲᠤᠯᠠᠵᠤ᠂ ᠡᠯ᠎ᠡ ᠲᠥᠷᠥᠯ᠎ᠤᠨ ᠠᠮᠤᠷ ᠲᠦᠪᠰᠢᠨ᠎ᠤ ᠠᠳᠡᠯ ᠭᠠᠷᠬᠤ᠎ᠠᠴᠠ ᠵᠠᠶ᠋ᠢᠯᠠᠰᠬᠢᠵᠦ᠂ ᠦᠵᠡᠭᠴᠢᠳ᠎ᠤᠨ ᠪᠡᠶᠡᠴᠢᠯᠡᠨ ᠣᠶ᠋ᠢᠯᠠᠭ᠋ᠠᠬᠤ ᠰᠡᠳᠬᠢᠯᠭᠡ ᠪᠠ ᠬᠠᠨᠤᠮᠵᠢ ᠵᠢᠨ ᠬᠡᠮᠵᠢᠶ᠎ᠡ ᠵᠢ ᠪᠦᠲᠦᠮᠵᠢᠲᠡᠶ ᠳᠡᠭᠡᠭᠰᠢᠯᠡᠭᠦᠯᠪᠡ᠃