ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠰᠢᠨ᠎ᠡ ᠪᠠᠷᠭᠤ ᠪᠠᠷᠠᠭᠤᠨ ᠬᠤᠰᠢᠭᠤᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ 《ᠳᠥᠷᠪᠡᠨ ᠠᠰᠠᠭᠤᠳᠠᠯ》᠎ᠢ ᠣᠨᠢᠯᠠᠵᠤ ᠮᠣᠲ᠋ᠣᠷ ᠲᠡᠷᠭᠡ᠂ ᠴᠠᠬᠢᠯᠭ᠋ᠠᠨ ᠬᠥᠳᠡᠯᠭᠡᠭᠦᠷᠲᠦ ᠲᠡᠷᠭᠡ ᠵᠢ ᠲᠤᠰᠬᠠᠶ ᠴᠡᠭᠴᠡᠯᠡᠨ ᠵᠠᠰᠠᠬᠤ ᠠᠵᠢᠯ᠎ᠢ ᠨᠠᠷᠢᠯᠢᠭ ᠣᠨᠣᠴᠠᠲᠠᠶ ᠭᠦᠢ᠍ᠴᠡᠳᠭᠡᠪᠡ
ᠨᠡᠶ᠋ᠢᠲᠡᠯᠡᠭᠰᠡᠨ ᠴᠠᠭ᠄ 2024-08-22

      ᠬᠠᠷᠢᠶᠠᠲᠤ ᠣᠷᠣᠨ᠎ᠤ ᠵᠠᠮ ᠬᠠᠷᠢᠯᠴᠠᠭ᠋ᠠᠨ᠎ᠤ ᠡᠮᠬᠢ ᠳᠢᠭᠯᠢᠮ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠮᠣᠲ᠋ᠣᠷ ᠲᠡᠷᠭᠡ᠂ ᠴᠠᠬᠢᠯᠭ᠋ᠠᠨ ᠬᠥᠳᠡᠯᠭᠡᠭᠦᠷᠲᠦ ᠲᠡᠷᠭᠡ ᠵᠢᠨ ᠵᠠᠮ ᠬᠠᠷᠢᠯᠴᠠᠭ᠋ᠠᠨ᠎ᠤ ᠠᠳᠡᠯ ᠭᠠᠷᠬᠤ ᠵᠢ ᠪᠦᠲᠦᠮᠵᠢᠲᠡᠶ ᠰᠡᠷᠭᠡᠶ᠋ᠢᠯᠡᠬᠦ ᠪᠠ ᠪᠠᠭ᠋ᠠᠰᠬᠠᠬᠤ ᠵᠢᠨ ᠲᠥᠯᠥᠭᠡ᠂ ᠬᠦᠯᠦᠨ ᠪᠤᠢ᠌ᠷ ᠬᠣᠲᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠬᠠᠷᠢᠶᠠᠲᠤ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠮᠣᠲ᠋ᠣᠷ ᠲᠡᠷᠭᠡ᠂ ᠴᠠᠬᠢᠯᠭ᠋ᠠᠨ ᠬᠥᠳᠡᠯᠭᠡᠭᠦᠷᠲᠦ ᠲᠡᠷᠭᠡ ᠵᠢᠨ ᠵᠠᠮ ᠬᠠᠷᠢᠯᠴᠠᠭ᠋ᠠᠨ᠎ᠤ ᠡᠮᠬᠢ ᠳᠢᠭᠯᠢᠮ᠎ᠢ ᠲᠤᠰᠬᠠᠶ᠋ᠢᠯᠠᠨ ᠴᠡᠭᠴᠡᠯᠡᠨ ᠵᠠᠰᠠᠬᠤ ᠠᠵᠢᠯ᠎ᠢ ᠪᠥᠬᠦ ᠲᠠᠯ᠎ᠠ᠎ᠪᠠᠷ ᠥᠷᠨᠢᠭᠦᠯᠵᠦ᠂ ᠠᠮᠤᠷ ᠲᠦᠪᠰᠢᠨ᠂ ᠰᠠᠭ᠋ᠠᠳ ᠥᠬᠡᠶ᠂ ᠡᠮᠬᠢ ᠵᠢᠷᠤᠮ᠎ᠲᠠᠢ ᠵᠠᠮ ᠬᠠᠷᠢᠯᠴᠠᠭ᠋ᠠᠨ᠎ᠤ ᠣᠷᠴᠢᠨ ᠲᠣᠭᠤᠷᠢᠨ᠎ᠢ ᠴᠢᠷᠮᠠᠶ᠋ᠢᠨ ᠡᠭᠦᠳᠪᠡ᠃

摩托车1.jpg


     ᠨᠢᠭᠡ᠂ ᠵᠣᠬᠢᠶᠠᠨ ᠪᠠᠶ᠋ᠢᠭᠤᠯᠵᠤ ᠪᠠᠶ᠋ᠢᠷᠢᠯᠠᠭᠤᠯᠬᠤ᠎ᠠᠴᠠ ᠭᠠᠷᠳᠠᠵᠤ᠂ 《ᠭᠤᠣᠯᠳᠠᠯᠭ᠎ᠠ᠎ᠲᠠᠢ ᠠᠰᠠᠭᠤᠳᠠᠯ》᠎ᠢ ᠠᠳᠬᠤᠪᠠ᠃

     ᠬᠤᠶᠠᠷ᠂ ᠡᠬᠢ ᠡᠭᠦᠰᠦᠯ᠎ᠠᠴᠠ᠎ᠨᠢ ᠵᠠᠰᠠᠬᠤ᠎ᠠᠴᠠ ᠭᠠᠷᠳᠠᠵᠤ᠂ 《ᠪᠠᠯᠠᠢ ᠠᠰᠠᠭᠤᠳᠠᠯ》᠎ᠢ ᠠᠷᠢᠯᠭ᠋ᠠᠪᠠ᠃

     ᠭᠤᠷᠪᠠ᠂ ᠵᠠᠮ ᠳᠡᠭᠡᠷᠡᠬᠢ ᠬᠠᠮᠢᠶᠠᠷᠤᠨ ᠡᠵᠡᠮᠳᠡᠬᠦ᠎ᠠᠴᠠ ᠭᠠᠷᠳᠠᠵᠤ᠂ 《ᠬᠦᠴᠢᠷ ᠠᠰᠠᠭᠤᠳᠠᠯ》᠎ᠢ ᠰᠢᠪᠳᠤᠯᠪᠠ᠃

      ᠳᠥᠷᠪᠡ᠂ ᠤᠬᠠᠭᠤᠯᠭ᠎ᠠ ᠬᠥᠮᠦᠵᠢᠯ᠎ᠠᠴᠠ ᠭᠠᠷᠳᠠᠵᠤ᠂ 《ᠬᠠᠯᠠᠮᠰᠢᠯ ᠠᠰᠠᠭᠤᠳᠠᠯ》᠎ᠢ ᠠᠩᠬᠠᠷᠪᠠ᠃

摩托车3.jpg    


     ᠳᠠᠷᠠᠭ᠋ᠠᠴᠢ ᠵᠢᠨ ᠠᠯᠬᠤᠮ᠎ᠳᠤ᠂ ᠰᠢᠨ᠎ᠡ ᠪᠠᠷᠭᠤ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠬᠢ ᠵᠢᠨ᠎ᠬᠢᠨ ᠮᠣᠲ᠋ᠣᠷ ᠲᠡᠷᠭᠡ᠂ ᠴᠠᠬᠢᠯᠭ᠋ᠠᠨ ᠬᠥᠳᠡᠯᠭᠡᠭᠦᠷᠲᠦ ᠲᠡᠷᠭᠡ ᠵᠢᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠲᠤᠰᠬᠠᠢ ᠴᠡᠭᠴᠡᠯᠡᠨ ᠵᠠᠰᠠᠬᠤ ᠵᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠣᠷᠣᠨ᠎ᠤ ᠮᠣᠲ᠋ᠣᠷ ᠲᠡᠷᠭᠡ᠂ ᠴᠠᠬᠢᠯᠭ᠋ᠠᠨ ᠬᠥᠳᠡᠯᠭᠡᠭᠦᠷᠲᠦ ᠲᠡᠷᠭᠡ ᠵᠢᠨ ᠵᠢᠯᠣᠭᠤᠴᠢ ᠵᠢᠨ ᠠᠮᠤᠷ ᠲᠦᠪᠰᠢᠨ᠎ᠤ ᠤᠬᠠᠮᠰᠠᠷ᠂ ᠪᠣᠯᠪᠠᠰᠤᠨ ᠤᠬᠠᠮᠰᠠᠷ᠎ᠢ ᠦᠨᠡᠨ ᠬᠦ᠌ ᠳᠡᠭᠡᠭᠰᠢᠯᠡᠭᠦᠯᠦᠨ᠂ ᠬᠠᠷᠢᠶ᠎ᠠ ᠣᠷᠣᠨ᠎ᠤ ᠵᠠᠮ ᠨᠡᠪᠲᠡᠷᠡᠯᠭᠡ ᠵᠢᠨ ᠡᠮᠬᠢ ᠳᠢᠭᠯᠢᠮ᠎ᠢ ᠰᠢᠯᠢᠳᠡᠭᠵᠢᠭᠦᠯᠵᠦ᠂ ᠴᠠᠬᠢᠯᠭ᠋ᠠᠨ ᠬᠥᠳᠡᠯᠭᠡᠭᠦᠷᠲᠦ ᠲᠡᠷᠭᠡ ᠵᠢᠨ ᠵᠠᠮ ᠬᠠᠷᠢᠯᠴᠠᠭ᠋ᠠᠨ᠎ᠤ ᠠᠳᠡᠯ᠎ᠢ ᠰᠡᠷᠭᠡᠶ᠋ᠢᠯᠡᠬᠦ ᠪᠠ ᠪᠠᠭ᠋ᠠᠰᠬᠠᠨ᠂ ᠠᠮᠤᠷ ᠲᠦᠪᠰᠢᠨ ᠡᠮᠬᠢ ᠳᠢᠭᠯᠢᠮ᠎ᠲᠠᠢ ᠵᠠᠮ ᠬᠠᠷᠢᠯᠴᠠᠭ᠋ᠠᠨ᠎ᠤ ᠣᠷᠴᠢᠨ ᠲᠣᠭᠤᠷᠢᠨ᠎ᠢ ᠪᠤᠢ ᠪᠣᠯᠭ᠋ᠠᠪᠠ᠃

 

 

 

ᠢᠷᠡᠯᠲᠡ᠄ ᠬᠦᠯᠦᠨ ᠪᠤᠢ᠌ᠷ ᠬᠤᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ