ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠯᠦᠩ ᠴᠠᠩ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ᠎ᠤ ᠠᠮᠤᠷ ᠲᠦᠪᠰᠢᠨ᠎ᠤ ᠪᠠᠶ᠋ᠢᠴᠠᠭ᠋ᠠᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-08-09

      ᠣᠶ᠋ᠢᠷ᠎ᠠ᠎ᠳᠤ᠂ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠯᠦᠩ ᠴᠠᠩ ᠲᠣᠮᠢᠯᠠᠭᠰᠠᠨ ᠰᠠᠯᠪᠤᠷᠢ ᠴᠠᠭᠳᠠᠭ᠋ᠠᠨ᠎ᠤ ᠬᠦᠴᠦᠨ ᠵᠶ᠋ᠠᠨ ᠵᠣᠬᠢᠶᠠᠨ ᠪᠠᠶ᠋ᠢᠭᠤᠯᠵᠤ᠂ ᠬᠠᠷᠢᠶ᠎ᠠ ᠣᠷᠣᠨ᠎ᠤ᠎ᠪᠠᠨ ᠡᠯ᠎ᠡ ᠲᠥᠷᠥᠯ᠎ᠤᠨ ᠠᠵᠢᠯ ᠲᠥᠷᠥᠯ᠎ᠤᠨ ᠲᠠᠯᠠᠪᠤᠷ ᠭᠠᠵᠠᠷ ᠵᠢᠴᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠳᠤ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠪᠠ᠃
      ᠪᠠᠶ᠋ᠢᠴᠠᠭ᠋ᠠᠬᠤ ᠶᠠᠪᠤᠴᠠ᠎ᠳᠤ᠂ ᠠᠷᠠᠳ᠎ᠤᠨ ᠴᠠᠭᠳᠠᠭ᠎ᠠ ᠡᠯ᠎ᠡ ᠲᠥᠷᠥᠯ᠎ᠤᠨ ᠠᠵᠢᠯ ᠲᠥᠷᠥᠯ᠎ᠤᠨ ᠲᠠᠯᠠᠪᠤᠷ ᠭᠠᠵᠠᠷ ᠵᠢᠴᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ᠂ ᠭᠠᠯ ᠤᠨᠲᠠᠷᠠᠭ᠋ᠠᠬᠤ ᠲᠥᠬᠥᠭᠡᠷᠦᠮᠵᠢ᠂ ᠦᠢ᠍ᠯᠡᠳᠪᠦᠷᠢᠯᠡᠯ᠎ᠤᠨ ᠲᠥᠬᠥᠭᠡᠷᠦᠮᠵᠢ᠂ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠂ ᠠᠶᠤᠯ ᠦᠭᠡᠢ ᠭᠠᠷᠬᠤ ᠡᠭᠦᠳᠡ ᠪᠠ ᠲᠠᠷᠬᠠᠭ᠋ᠠᠬᠤ ᠵᠠᠮ ᠵᠡᠷᠭᠡ᠎ᠳᠤ ᠭᠣᠤᠯᠳᠠᠯᠭ᠎ᠠ᠎ᠲᠠᠢ᠎ᠪᠠᠷ ᠪᠠᠶ᠋ᠢᠴᠠᠭ᠋ᠠᠯᠲᠠ ᠬᠢᠪᠠ᠃ ᠡᠭᠦᠨ᠎ᠤ ᠬᠠᠮᠲᠤ ᠲᠤᠬᠠᠶ ᠵᠢᠨ ᠲᠠᠯᠠᠪᠤᠷ᠎ᠲᠤ ᠠᠵᠢᠯᠲᠠᠳ᠎ᠲᠤ ᠠᠮᠤᠷ ᠲᠦᠪᠰᠢᠨ᠎ᠤ ᠬᠥᠮᠦᠵᠢᠯ ᠬᠢᠵᠦ᠂ ᠠᠮᠤᠷ ᠲᠦᠪᠰᠢᠨ᠎ᠤ ᠮᠡᠳᠡᠯᠭᠡ ᠵᠢ ᠤᠬᠠᠭᠤᠯᠤᠨ ᠲᠠᠶ᠋ᠢᠯᠪᠤᠷᠢᠯᠠᠵᠤ᠂ ᠨᠢᠭᠡᠴᠢ ᠵᠢᠨ ᠬᠠᠷᠢᠭᠤᠴᠠᠯᠭ᠋ᠠᠲᠠᠨ ᠵᠢᠴᠢ ᠠᠵᠢᠯᠲᠠᠳ᠎ᠲᠤ ᠠᠮᠤᠷ ᠲᠦᠪᠰᠢᠨ᠎ᠤ ᠠᠰᠠᠭᠤᠳᠠᠯ᠎ᠢ ᠴᠠᠭ ᠢᠮᠠᠭᠲᠠ ᠠᠩᠬᠠᠷᠴᠤ᠂ ᠥᠪᠡᠷ᠎ᠢ᠎ᠪᠠᠨ ᠰᠡᠷᠭᠡᠶ᠋ᠢᠯᠡᠬᠦ ᠤᠬᠠᠮᠰᠠᠷ ᠪᠠ ᠭᠡᠨᠡᠳᠲᠡ ᠵᠢᠨ ᠬᠡᠷᠡᠭ᠎ᠢ ᠠᠷᠭ᠋ᠠᠴᠠᠬᠤ ᠴᠢᠳᠠᠪᠤᠷᠢ᠎ᠪᠠᠨ ᠴᠢᠩᠭ᠋ᠠᠳᠬᠠᠵᠤ᠂ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠯ᠎ᠲᠠᠢ ᠠᠵᠢᠯ᠎ᠤᠨ ᠣᠷᠴᠢᠨ ᠲᠣᠭᠣᠷᠢᠨ᠎ᠢ ᠬᠠᠮᠲᠤ᠎ᠪᠠᠷ ᠪᠣᠶ ᠪᠣᠯᠭ᠋ᠠᠬᠤ ᠵᠢ ᠰᠠᠨᠠᠭᠤᠯᠪᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ