ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠴᠢᠭᠤᠯᠭ᠋ᠠᠨ ᠲᠤᠮᠢᠯᠠᠭᠰᠠᠨ ᠰᠠᠯᠪᠤᠷᠢ᠎ᠨᠢ ᠵᠤᠨ᠎ᠤ ᠤᠯᠠᠷᠢᠯ᠎ᠤᠨ ᠠᠮᠤᠷ ᠲᠦᠪᠰᠢᠨ᠎ᠤ ᠴᠠᠭᠳᠠᠨ ᠪᠠᠶ᠋ᠢᠴᠠᠭ᠋ᠠᠵᠦ ᠤᠬᠠᠭᠤᠯᠤᠨ ᠰᠡᠷᠭᠡᠶ᠋ᠢᠯᠡᠬᠦ ᠨᠢᠭᠡᠳᠦᠯᠳᠠᠢ ᠠᠵᠢᠯᠯᠠᠭ᠎ᠠ᠎ᠪᠠᠨ ᠦᠷᠭᠦᠯᠵᠢᠯᠡᠨ ᠦᠷᠨᠢᠭᠦᠯᠵᠦ ᠪᠤᠢ
ᠨᠡᠶ᠋ᠢᠲᠡᠯᠡᠭᠰᠡᠨ ᠴᠠᠭ᠄ 2024-09-24

   ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠴᠢᠭᠤᠯᠭ᠋ᠠᠨ ᠲᠤᠮᠢᠯᠠᠭᠰᠠᠨ ᠰᠠᠯᠪᠤᠷᠢ᠎ᠨᠢ 《ᠵᠤᠨ᠎ᠤ ᠤᠯᠠᠷᠢᠯ᠎ᠤᠨ ᠠᠵᠢᠯᠯᠠᠭ᠎ᠠ》 ᠵᠢ ᠪᠦᠳᠦᠮᠵᠢᠳᠠᠢ ᠦᠷᠨᠢᠬᠦᠯᠬᠦ ᠵᠢᠨ ᠲᠦᠯᠦᠭᠡ᠂ ᠠᠮᠤᠷ ᠲᠦᠪᠰᠢᠨ᠎ᠤ ᠠᠰᠠᠭᠤᠳᠠᠯ᠎ᠢ ᠰᠡᠷᠭᠡᠶ᠋ᠢᠯᠡᠨ ᠡᠵᠡᠮᠳᠡᠵᠦ᠂ ᠡᠯ᠎ᠡ ᠲᠦᠷᠦᠯ᠎ᠤᠨ ᠠᠮᠤᠷ ᠲᠦᠪᠰᠢᠨ᠎ᠤ ᠠᠶᠤᠯ ᠲᠦᠭᠰᠢᠬᠦᠷᠢ ᠵᠢᠨ ᠬᠡᠮ ᠰᠤᠭᠤᠭ᠎ᠢ ᠪᠦᠳᠤᠮᠵᠢᠳᠠᠢ ᠰᠡᠷᠭᠡᠶ᠋ᠢᠯᠡᠨ ᠠᠷᠢᠯᠭ᠋ᠠᠵᠦ᠂ ᠠᠮᠤᠷ ᠲᠤᠭᠳᠠᠭᠤᠨ ᠨᠡᠶ᠋ᠢᠭᠡᠮ᠎ᠤᠨ ᠤᠷᠴᠢᠨ ᠲᠤᠭᠤᠷᠢᠨ᠎ᠢ ᠴᠢᠷᠮᠠᠶ᠋ᠢᠨ ᠡᠬᠦᠳᠴᠦ ᠪᠠᠶ᠋ᠢᠨ᠎ᠠ᠃
mmexport1726929424511.jpg  


     ᠤᠶ᠋ᠢᠷ᠎ᠠ ᠵᠢᠨ ᠡᠳᠤᠷ ᠴᠢᠭᠤᠯᠭ᠋ᠠᠨ ᠲᠤᠮᠢᠯᠠᠭᠰᠠᠨ ᠰᠠᠯᠪᠤᠷᠢ᠎ᠨᠢ ᠰᠦᠨᠢ ᠵᠢᠨ ᠪᠠᠶ᠋ᠢᠴᠠᠭ᠋ᠠᠯᠳᠠ ᠬᠢᠵᠦ᠂ ᠬᠠᠷᠢᠶ᠎ᠠ ᠲᠤᠭᠤᠷᠢᠭ᠎ᠤᠨ ᠲᠦᠷᠢᠶᠡᠰᠦᠨ ᠭᠡᠷ᠎ᠤᠨ ᠨᠡᠬᠦᠳᠡᠯ ᠬᠦᠮᠦᠨ ᠠᠮᠠ ᠵᠢᠨ ᠮᠡᠳᠡᠭᠡ ᠵᠠᠩᠭᠢ ᠵᠢ ᠴᠤᠭᠯᠠᠭᠤᠯᠬᠤ ᠠᠵᠢᠯ᠎ᠢ ᠴᠢᠩᠭ᠋ᠠᠳᠬᠠᠬᠤ ᠵᠢᠨ ᠬᠠᠮᠳᠤ᠂ ᠬᠤᠭᠤᠯᠠᠨ ᠭᠡᠷ᠂ ᠰᠢᠷᠠᠮᠠᠯ ᠢᠳᠡᠭᠡᠨ᠎ᠤ ᠪᠠᠭ᠋ᠠᠷ ᠵᠡᠷᠭᠡ ᠭᠤᠣᠯ ᠴᠢᠬᠤᠯᠠ ᠲᠠᠯᠠᠪᠠᠢ᠎ᠪᠠᠷ ᠭᠠᠯ ᠰᠡᠷᠭᠡᠶ᠋ᠢᠯᠡᠬᠦ ᠠᠮᠤᠷ ᠲᠦᠪᠰᠢᠨ᠎ᠤ ᠪᠠᠶ᠋ᠢᠴᠠᠭ᠋ᠠᠯᠳᠠ ᠬᠢᠵᠦ᠂ ᠠᠮᠤᠷ ᠲᠦᠪᠰᠢᠨ᠎ᠤ ᠲᠠᠯᠳᠠ ᠭᠡᠮ᠎ᠢ ᠠᠷᠢᠯᠭ᠋ᠠᠪᠠ᠃ ᠬᠠᠷᠢᠶ᠎ᠠ ᠲᠤᠭᠤᠷᠢᠭ᠎ᠤᠨ ᠵᠤᠴᠢᠳ᠎ᠤᠨ ᠪᠠᠭᠤᠳᠠᠯ᠎ᠤᠨ ᠪᠤᠳᠠᠳᠤ ᠨᠡᠷ᠎ᠡ᠎ᠪᠠᠷ ᠲᠡᠮᠳᠡᠭᠯᠡᠭᠰᠡᠨ ᠡᠰᠡᠬᠦ᠂ ᠨᠠᠰᠤᠨ᠎ᠳᠤ ᠦᠯᠦ ᠬᠦᠷᠦᠭᠰᠡᠳ᠎ᠤᠨ ᠪᠠᠭᠤᠳᠠᠯ᠎ᠳᠤ ᠰᠠᠭᠤᠬᠤ 《ᠲᠠᠪᠤᠨ ᠡᠷᠭᠡᠪᠰᠢ》᠂ 《ᠲᠦᠷᠪᠡᠨ ᠮᠡᠳᠡᠬᠦᠯᠬᠦ》 ᠲᠦᠷᠢᠮ᠎ᠢ ᠲᠤᠭᠳᠠᠭ᠋ᠠᠯ ᠶᠤᠰᠤᠭ᠋ᠠᠷ ᠭᠦᠢ᠍ᠴᠡᠳᠭᠡᠭᠰᠡᠨ ᠡᠰᠡᠬᠦ᠂ ᠵᠤᠭ᠎ᠠ ᠴᠡᠩᠭᠡᠯ᠎ᠤᠨ ᠭᠠᠵᠠᠷ᠂ ᠰᠦᠯᠵᠢᠶᠡᠨ᠎ᠤ ᠪᠠᠭ᠋ᠠᠷ᠂ ᠤᠬᠢᠶᠠᠯᠭ᠎ᠠ ᠵᠢᠨ ᠭᠠᠵᠠᠷ᠂ ᠢᠯᠢᠵᠦ ᠨᠤᠬᠤᠯᠠᠬᠤ ᠭᠠᠵᠠᠷ ᠵᠶ᠋ᠠᠷ 《ᠱᠠᠯᠢᠭ ᠵᠠᠪᠬᠠᠢ᠂ ᠵᠤᠭᠤᠰ ᠮᠦᠷᠦ᠋ᠢ᠍ᠴᠡᠬᠦ᠂ ᠬᠤᠤᠷ᠎ᠠ ᠲᠠᠳᠠᠬᠤ》 ᠵᠡᠷᠭᠡ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠪᠠᠶ᠋ᠢᠬᠤ ᠡᠰᠡᠬᠦ ᠵᠢ ᠪᠠᠶ᠋ᠢᠴᠠᠭ᠋ᠠᠬᠤ ᠠᠵᠢᠯ᠎ᠢ ᠴᠢᠩᠭ᠋ᠠᠳᠬᠠᠨ᠂ ᠬᠠᠤᠯᠢ ᠵᠦᠷᠢᠴᠡᠭᠰᠡᠨ ᠠᠵᠢᠯᠯᠠᠭ᠎ᠠ᠎ᠳᠤ ᠴᠢᠩᠭ᠎ᠠ ᠴᠤᠬᠢᠯᠳᠠ ᠦᠭᠴᠦ᠂ ᠤᠯᠠᠨ ᠲᠦᠮᠡᠨ᠎ᠤ ᠲᠤᠳᠤᠭ᠋ᠠᠳᠤ ᠵᠢ ᠬᠠᠮᠠᠭ᠋ᠠᠯᠠᠬᠤ ᠠᠵᠢᠯ᠎ᠳᠤ ᠬᠠᠨᠤᠮᠵᠢᠲᠠᠢ ᠪᠠᠶ᠋ᠢᠬᠤ ᠰᠡᠳᠬᠢᠯᠭᠡ ᠵᠢ ᠦᠷᠭᠦᠯᠵᠢᠯᠡᠨ ᠨᠡᠮᠡᠭᠳᠡᠬᠦᠯᠵᠦ ᠪᠠᠶ᠋ᠢᠨ᠎ᠠ᠃ (ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠤᠶᠦᠨᠴᠢᠮᠡᠭ ᠮᠡᠳᠡᠭᠡᠯᠡᠪᠡ)

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ