ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠳᠡᠭᠡᠳᠦ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠵᠢᠮ᠎ᠡ ᠣᠨᠴᠠᠯᠢᠭ᠎ᠲᠠᠢ ᠨᠢᠭᠲᠠ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠬᠠᠮᠲᠤᠳᠤᠨᠢ ᠬᠠᠷᠠᠭ᠋ᠠᠯᠵᠠᠬᠤ᠂ ᠪᠦᠬᠦᠯᠢ ᠴᠣᠭᠴᠠ᠎ᠪᠠᠷ ᠠᠬᠢᠭᠤᠯᠬᠤ᠂ ᠨᠢᠭᠡᠳᠦᠯᠲᠡᠶ ᠪᠠ ᠰᠠᠯᠭ᠋ᠠᠬᠤ ᠵᠢ ᠤᠶᠠᠯᠳᠤᠭᠤᠯᠬᠤ᠂ ᠴᠣᠬᠢᠯᠲᠠ ᠥᠭᠬᠦ ᠪᠠ ᠰᠡᠷᠭᠡᠶ᠋ᠢᠯᠡᠬᠦ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠪᠥᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠨᠡᠶ᠋ᠢᠭᠡᠮ᠎ᠤᠨ ᠠᠮᠤᠷ ᠲᠦᠪᠰᠢᠨ᠎ᠢ ᠪᠥᠬᠦ ᠲᠠᠯ᠎ᠠ᠎ᠪᠠᠷ ᠴᠠᠭᠳᠠᠨ ᠡᠵᠡᠮᠳᠡᠵᠦ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠵᠢ ᠥᠴᠦᠬᠡᠨ ᠴᠦ᠍ ᠢᠯᠳᠠᠷ ᠬᠠᠶᠠᠬᠤ ᠥᠬᠡᠶ ᠪᠠᠶ᠋ᠢᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠭᠤᠯᠭ᠎ᠠ ᠵᠢ ᠰᠠᠢ᠌ᠲᠤᠷ ᠬᠢᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠣᠯᠠᠨ ᠲᠦᠮᠡᠨ᠎ᠳᠤ ᠰᠠᠶ᠋ᠢᠨ ᠶᠠᠪᠤᠳᠠᠯ᠂ ᠪᠣᠳᠠᠲᠠᠶ ᠠᠵᠢᠯ ᠬᠢᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠡᠮᠬᠢ ᠳᠢᠭᠯᠢᠮ ᠠᠮᠤᠷ ᠲᠦᠪᠰᠢᠨ ᠲᠣᠭᠲᠠᠭᠤᠨ᠎ᠢ ᠪᠥᠬᠦ ᠬᠦᠴᠦᠨ ᠵᠶ᠋ᠠᠷ ᠵᠶ᠋ᠠᠨ ᠬᠠᠮᠠᠭ᠋ᠠᠯᠠᠵᠤ᠂ ᠣᠯᠠᠨ ᠲᠦᠮᠡᠨ᠎ᠤ ᠲᠠᠢ᠌ᠪᠤᠩᠲᠤ ᠲᠥᠷᠥᠭᠳᠡᠯ ᠪᠠ ᠬᠠᠨᠤᠮᠵᠢ ᠵᠢᠨ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠪᠡ᠃

ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠶᠡᠭᠡ ᠠᠩᠭᠢ ᠠᠷᠠᠳ᠎ᠤᠨ ᠬᠡᠷᠡᠭᠯᠡᠭᠡᠨ᠎ᠤ ᠳᠡᠯᠪᠡᠴᠢᠬᠦ ᠠᠵᠤ ᠠᠬᠤᠶ᠋ᠢᠯᠠᠯ᠎ᠳᠤ ᠭᠦᠨᠵᠡᠭᠡᠶ᠋ᠢᠷᠡᠨ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠪᠡ
8 ᠰᠠᠷ᠎ᠠ ᠵᠢᠨ 2᠎ᠤᠨ ᠡᠳᠦᠷ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠶᠡᠭᠡ ᠠᠩᠭᠢ ᠬᠠᠷ᠎ᠠ ᠨᠠᠭᠤᠷ ᠲᠣᠮᠢᠯᠠᠭᠰᠠᠨ ᠰᠠᠯᠪᠤᠷᠢ᠂ ᠳᠠᠶ᠋ᠢᠴᠢᠨᠲᠠᠯᠠ ᠲᠣᠮᠢᠯᠠᠭᠰᠠᠨ ᠰᠠᠯᠪᠤᠷᠢ᠎ᠲᠠᠢ ᠬᠠᠮᠲᠤᠷᠠᠨ ᠬᠠᠷᠢᠶᠠᠲᠤ ᠣᠷᠣᠨ᠎ᠤ ᠠᠷᠠᠳ᠎ᠤᠨ ᠬᠡᠷᠡᠭᠯᠡᠭᠡᠨ᠎ᠤ ᠳᠡᠯᠪᠡᠴᠢᠬᠦ ᠠᠵᠤ ᠠᠬᠤᠶ᠋ᠢᠯᠠᠯ᠎ᠳᠤ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠪᠡ᠃ ᠡᠨᠡ ᠬᠤᠭᠤᠴᠠᠭ᠋ᠠᠨ᠎ᠳᠤ᠂ ᠠᠷᠠᠳ᠎ᠤᠨ ᠴᠠᠭᠳᠠᠭ᠎ᠠ ᠠᠵᠤ ᠠᠬᠤᠶ᠋ᠢᠯᠠᠯ᠎ᠤᠨ ᠬᠢᠨᠠᠨ ᠡᠵᠡᠮᠳᠡᠭᠦᠷ ᠬᠡᠪ᠎ᠤᠨ ᠶᠣᠰᠣᠭ᠋ᠠᠷ ᠠᠵᠢᠯᠯᠠᠵᠤ ᠪᠠᠶ᠋ᠢᠬᠤ ᠡᠰᠡᠬᠦ᠂ ᠭᠠᠯ ᠤᠨᠲᠠᠷᠠᠭ᠋ᠠᠬᠤ ᠪᠡᠯᠡᠳᠬᠡᠮᠵᠢ ᠵᠢ ᠰᠢᠯᠭ᠋ᠠᠨ ᠪᠠᠶ᠋ᠢᠴᠠᠭ᠋ᠠᠭᠰᠠᠨ ᠡᠰᠡᠬᠦ᠂ ᠠᠶᠤᠯᠲᠠᠶ ᠳᠡᠯᠪᠡᠷᠡᠬᠦ ᠪᠣᠳᠠᠰ᠎ᠢ ᠬᠥᠮᠥᠷᠭᠡ᠎ᠳᠤ ᠣᠷᠣᠭᠤᠯᠬᠤ ᠡᠬᠡ ᠲᠠᠩᠰᠠ ᠵᠢ ᠳᠡᠩᠰᠡᠯᠡᠨ ᠲᠡᠮᠳᠡᠭᠯᠡᠭᠦᠯᠦᠭᠰᠡᠨ᠎ᠨᠢ ᠵᠢᠷᠤᠮᠵᠢᠯ᠎ᠲᠠᠢ ᠣᠨᠣᠪᠴᠢᠲᠠᠶ ᠪᠠᠶ᠋ᠢᠬᠤ ᠡᠰᠡᠬᠦ᠂ ᠬᠢᠨᠠᠨ ᠬᠠᠮᠢᠶᠠᠷᠬᠤ ᠠᠵᠢᠯᠲᠠᠨ ᠬᠡᠪ ᠵᠶ᠋ᠡᠷ ᠠᠵᠢᠯ᠎ᠤᠨ ᠪᠠᠶ᠋ᠢᠷᠢ᠎ᠳᠤ ᠭᠠᠷᠤᠭᠰᠠᠨ ᠡᠰᠡᠬᠦ ᠵᠡᠷᠭᠡ ᠪᠠᠶ᠋ᠢᠳᠠᠯ᠎ᠳᠤ ᠨᠠᠷᠢᠨ ᠪᠠᠶ᠋ᠢᠴᠠᠭ᠋ᠠᠯᠲᠠ ᠬᠢᠪᠠ᠃ ᠡᠭᠦᠨ᠎ᠤ ᠬᠠᠮᠲᠤ ᠲᠤᠰ ᠨᠡᠭᠦᠷᠡᠰᠦᠨ ᠠᠭᠤᠷᠬᠠᠢ ᠵᠢᠨ ᠠᠷᠠᠳ᠎ᠤᠨ ᠬᠡᠷᠡᠭᠯᠡᠭᠡᠨ᠎ᠤ ᠳᠡᠯᠪᠡᠷᠡᠬᠦ ᠪᠣᠳᠠᠰ ᠬᠠᠳᠠᠭ᠋ᠠᠯᠠᠬᠤ ᠬᠥᠮᠥᠷᠭᠡ ᠵᠢᠨ ᠵᠢᠵᠢᠭᠦᠷ᠎ᠤᠨ ᠲᠡᠮᠳᠡᠭᠯᠡᠯ᠂ ᠲᠣᠭᠤᠷᠢᠨ ᠪᠠᠶ᠋ᠢᠴᠠᠭ᠋ᠠᠭᠰᠠᠨ ᠲᠡᠮᠳᠡᠭᠯᠡᠯ ᠵᠢᠴᠢ ᠠᠮᠤᠷ᠎ᠢ ᠬᠠᠮᠠᠭ᠋ᠠᠯᠠᠬᠤ ᠰᠡᠷᠭᠡᠶ᠋ᠢᠯᠡᠯᠲᠡ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠰᠠᠩ ᠬᠥᠮᠥᠷᠭᠡ ᠵᠢᠨ ᠡᠷᠭᠢᠨ ᠲᠣᠭᠤᠷᠢᠨ᠎ᠤ ᠣᠷᠴᠢᠨ ᠲᠣᠭᠤᠷᠢᠨ ᠵᠢᠴᠢ ᠴᠥᠭᠦᠷᠥᠮ᠎ᠤᠨ ᠣᠷᠣᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠲᠥᠬᠦᠭᠡᠷᠦᠮᠵᠢ ᠵᠢᠨ ᠲᠣᠬᠢᠷᠠᠭᠤᠯᠤᠯᠲᠠ ᠵᠡᠷᠭᠡ ᠵᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠵᠤ᠂ ᠠᠵᠤ ᠠᠬᠤᠶ᠋ᠢᠯᠠᠯ᠎ᠢ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠤᠨ ᠳᠦᠷᠢᠮ᠎ᠢ ᠴᠢᠩᠭ᠎ᠠ ᠵᠢᠷᠤᠮᠯᠠᠵᠤ᠂ ᠠᠮᠤᠷ ᠲᠦᠪᠰᠢᠨ᠎ᠤ ᠳᠠᠯᠳᠠ ᠭᠡᠮ᠎ᠤᠨ ᠠᠰᠠᠭᠤᠳᠠᠯ ᠭᠠᠷᠬᠤ ᠵᠢ ᠰᠡᠷᠭᠡᠶ᠋ᠢᠯᠡᠬᠦ ᠬᠡᠷᠡᠭᠲᠡᠶ ᠭᠡᠵᠦ ᠱᠠᠭ᠋ᠠᠷᠳᠠᠪᠠ᠃
ᠪᠠᠶᠠᠨᠮᠠᠩᠬ᠎ᠠ ᠲᠣᠮᠢᠯᠠᠭᠰᠠᠨ ᠰᠠᠯᠪᠤᠷᠢ ᠵᠥᠷᠢᠴᠡᠯ ᠵᠠᠭᠤᠷᠠᠯᠳᠤᠭ᠋ᠠᠨ᠎ᠢ ᠵᠢᠭᠰᠠᠭ᠋ᠠᠨ ᠪᠠᠶ᠋ᠢᠴᠠᠭ᠋ᠠᠵᠤ ᠠᠷᠢᠯᠭ᠋ᠠᠬᠤ ᠠᠵᠢᠯ ᠥᠷᠨᠢᠭᠦᠯᠪᠡ
8 ᠰᠠᠷ᠎ᠠ ᠵᠢᠨ 5᠎ᠤ ᠡᠳᠦᠷ᠂ ᠪᠠᠶᠠᠨᠮᠠᠩᠬ᠎ᠠ ᠲᠣᠮᠢᠯᠠᠭᠰᠠᠨ ᠰᠠᠯᠪᠤᠷᠢ ᠡᠳᠦᠷ ᠲᠤᠲᠤᠮ᠎ᠤᠨ ᠲᠣᠭᠤᠷᠢᠨ ᠰᠡᠷᠭᠡᠶ᠋ᠢᠯᠡᠬᠦ ᠠᠵᠢᠯ᠎ᠲᠠᠢ ᠤᠶᠠᠯᠳᠤᠭᠤᠯᠤᠨ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠤᠨ ᠬᠠᠷᠢᠶ᠎ᠠ ᠣᠷᠣᠨ᠎ᠤ ᠲᠣᠰᠬᠤᠨ᠂ ᠬᠤᠳᠠᠯᠳᠤᠭ᠋ᠠᠨ᠎ᠤ ᠳᠡᠯᠭᠡᠭᠦᠷ᠎ᠲᠤ ᠭᠦᠨᠵᠡᠭᠡᠶ᠋ᠢᠷᠡᠨ᠂ ᠡᠭᠦᠳᠡ ᠲᠣᠭᠰᠢᠬᠤ ᠪᠠ ᠰᠤᠷᠪᠤᠯᠵᠢᠯᠠᠨ ᠪᠠᠶ᠋ᠢᠴᠠᠭ᠋ᠠᠬᠤ ᠬᠡᠯᠪᠡᠷᠢ᠎ᠪᠠᠷ ᠳᠠᠮᠵᠢᠭᠤᠯᠤᠨ᠂ ᠵᠥᠷᠢᠴᠡᠯ ᠵᠠᠭᠤᠷᠠᠯᠳᠤᠭ᠋ᠠᠨ᠎ᠢ ᠵᠢᠭᠰᠠᠭ᠋ᠠᠨ ᠪᠠᠶ᠋ᠢᠴᠠᠭ᠋ᠠᠵᠤ ᠠᠷᠢᠯᠭ᠋ᠠᠬᠤ ᠠᠵᠢᠯ᠎ᠢ ᠥᠷᠭᠡᠨ ᠵᠶ᠋ᠠᠷ ᠥᠷᠨᠢᠭᠦᠯᠵᠦ᠂ ᠬᠠᠷᠢᠶ᠎ᠠ ᠣᠷᠣᠨ᠎ᠤ ᠣᠯᠠᠨ ᠲᠦᠮᠡᠨ᠎ᠤ ᠦᠵᠡᠯ ᠰᠠᠨᠠᠭ᠋ᠠᠨ᠎ᠤ ᠪᠠᠶ᠋ᠢᠳᠠᠯ᠎ᠢ ᠬᠠᠮᠤᠭ᠎ᠤᠨ ᠲᠡᠷᠢᠭᠦᠨ᠎ᠳᠤ ᠲᠣᠳᠣ ᠪᠠᠶ᠋ᠢᠴᠠᠭ᠋ᠠᠵᠤ᠂ ᠡᠯ᠎ᠡ ᠲᠥᠷᠥᠯ᠎ᠤᠨ ᠵᠥᠷᠢᠴᠡᠯ ᠵᠠᠭᠤᠷᠠᠯᠳᠤᠭ᠋ᠠᠨ᠎ᠤ ᠰᠠᠭᠤᠷᠢ ᠲᠣᠳᠣᠷᠬᠠᠶ᠂ ᠪᠠᠶ᠋ᠢᠳᠠᠯ ᠲᠣᠳᠣᠷᠬᠠᠶ ᠪᠠᠶ᠋ᠢᠬᠤ ᠵᠢ ᠦᠨᠡᠨ ᠬᠦ᠌ ᠪᠠᠲᠤᠯᠠᠵᠤ᠂ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠰᠠᠶ᠋ᠢᠲᠤᠷ ᠬᠢᠪᠡ᠃
ᠪᠠᠶᠠᠨᠨᠠᠭᠤᠷ ᠲᠣᠮᠢᠯᠠᠭᠰᠠᠨ ᠰᠠᠯᠪᠤᠷᠢ ᠦᠶᠡᠷ᠎ᠤᠨ ᠬᠤᠭᠤᠴᠠᠭ᠋ᠠᠨ᠎ᠳᠤ ᠤᠰᠤᠨ᠎ᠳᠤ ᠵᠢᠪᠬᠦ ᠵᠢ ᠰᠡᠷᠭᠡᠶ᠋ᠢᠯᠡᠬᠦ ᠤᠬᠠᠭᠤᠯᠭ᠎ᠠ ᠥᠷᠨᠢᠭᠦᠯᠪᠡ
ᠣᠶ᠋ᠢᠷ᠎ᠠ ᠵᠢᠨ ᠬᠤᠭᠤᠴᠠᠭ᠋ᠠᠨ᠎ᠳᠤ ᠦᠷᠭᠦᠯᠵᠢᠯᠡᠨ ᠪᠣᠷᠣᠭ᠋ᠠᠨ ᠤᠷᠤᠭᠰᠠᠨ᠎ᠠᠴᠠ ᠪᠣᠯᠵᠣ ᠭᠤᠤᠯ ᠮᠥᠷᠡᠨ᠎ᠤ ᠤᠰᠤᠨ᠎ᠤ ᠲᠦᠪᠰᠢᠨ ᠳᠡᠭᠡᠭᠰᠢᠯᠡᠵᠦ᠂ ᠬᠠᠷᠢᠶᠠᠲᠤ ᠣᠷᠣᠨ᠎ᠤ ᠰᠠᠭᠤᠭ᠋ᠠᠯᠢ ᠠᠷᠠᠳ᠎ᠤᠨ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠵᠤ᠂ ᠤᠰᠤᠨ᠎ᠳᠤ ᠤᠨᠠᠭᠰᠠᠨ ᠠᠳᠡᠯ ᠭᠠᠷᠬᠤ ᠵᠢ ᠰᠡᠷᠭᠡᠶ᠋ᠢᠯᠡᠬᠦ ᠵᠢᠨ ᠲᠥᠯᠥᠭᠡ᠂ ᠪᠠᠶᠠᠨᠨᠠᠭᠤᠷ ᠲᠣᠮᠢᠯᠠᠭᠰᠠᠨ ᠰᠠᠯᠪᠤᠷᠢ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠵᠤ ᠬᠠᠷᠢᠶᠠᠲᠤ ᠣᠷᠣᠨ᠎ᠤ ᠡᠯ᠎ᠡ ᠭᠤᠤᠯ ᠮᠥᠷᠡᠨ᠎ᠢ ᠲᠣᠭᠤᠷᠢᠨ ᠴᠠᠭᠳᠠᠬᠤ ᠵᠢ ᠴᠢᠩᠭ᠋ᠠᠳᠬᠠᠪᠠ᠃ 8 ᠰᠠᠷ᠎ᠠ ᠵᠢᠨ 5᠎ᠤ ᠡᠳᠦᠷ᠂ ᠲᠣᠮᠢᠯᠠᠭᠰᠠᠨ ᠰᠠᠯᠪᠤᠷᠢ ᠵᠢᠨ ᠠᠷᠠᠳ ᠴᠠᠭᠳᠠᠭ᠎ᠠ ᠬᠠᠪᠰᠤᠷᠤᠭᠴᠢ ᠴᠠᠭᠳᠠᠭ᠎ᠠ ᠲᠣᠭᠤᠷᠢᠨ ᠴᠠᠭᠳᠠᠬᠤ ᠳᠤᠮᠳᠠ᠎ᠪᠠᠨ ᠪᠠᠶᠠᠨᠨᠠᠭᠤᠷ ᠰᠤᠮᠤ ᠵᠢᠨ ᠨᠢᠭᠡᠨ ᠭᠤᠤᠯ᠎ᠳᠤ ᠵᠠᠷᠢᠮ ᠬᠥᠮᠥᠨ ᠵᠢᠭ᠋ᠠᠰᠤ ᠠᠩᠨᠠᠵᠤ᠂ ᠲᠤᠶ᠋ᠢᠯ᠎ᠤᠨ ᠶᠡᠭᠡ ᠠᠮᠤᠷ ᠲᠦᠪᠰᠢᠨ᠎ᠤ ᠳᠠᠯᠳᠠ ᠬᠡᠮ ᠣᠷᠣᠰᠢᠵᠤ ᠪᠠᠢ᠌ᠬᠤ ᠵᠢ ᠣᠯᠵᠤ ᠮᠡᠳᠡᠪᠡ᠃ ᠠᠷᠠᠳ᠎ᠤᠨ ᠴᠠᠭᠳᠠᠭ᠎ᠠ ᠲᠡᠷᠡ ᠳᠠᠷᠤᠶᠳᠤᠨᠢ ᠲᠡᠳᠡᠭᠡᠷ ᠬᠥᠮᠥᠰ᠎ᠢ ᠢᠳᠬᠠᠨ ᠵᠣᠭᠰᠣᠭ᠋ᠠᠬᠤ ᠵᠢᠨ ᠬᠠᠮᠲᠤ ᠤᠰᠤᠨ᠎ᠳᠤ ᠵᠢᠪᠬᠦ ᠵᠢ ᠰᠡᠷᠭᠡᠶ᠋ᠢᠯᠡᠬᠦ ᠠᠮᠤᠷ ᠲᠦᠪᠰᠢᠨ᠎ᠤ ᠮᠡᠳᠡᠯᠭᠡ ᠵᠢᠨ ᠤᠬᠠᠭᠤᠯᠭ᠎ᠠ ᠬᠢᠵᠦ᠂ ᠣᠯᠠᠨ ᠲᠦᠮᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠠᠶᠤᠯᠲᠠᠶ ᠤᠰᠤᠨ ᠣᠷᠣᠨ᠎ᠠᠴᠠ ᠰᠠᠨᠠᠭ᠋ᠠᠴᠢᠯᠠᠭ᠎ᠠ᠎ᠠᠴᠠ᠎ᠪᠠᠨ ᠵᠠᠶ᠋ᠢᠳᠠᠵᠤ᠂ ᠤᠰᠤᠨ᠎ᠳᠤ ᠵᠢᠪᠬᠦ ᠵᠢ ᠰᠡᠷᠭᠡᠶ᠋ᠢᠯᠡᠬᠦ ᠠᠮᠤᠷ ᠲᠦᠪᠰᠢᠨ᠎ᠤ ᠲᠣᠤᠷ᠎ᠢ ᠬᠠᠮᠲᠤ᠎ᠪᠠᠷ ᠨᠢᠭᠲᠠ ᠰᠦᠯᠵᠢᠪᠡ᠃