ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠠᠮᠤᠷ᠎ᠢ ᠬᠠᠮᠠᠭᠠᠯᠠᠬᠤ
ᠨᠢᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠮᠤᠷ᠎ᠢ ᠬᠠᠮᠠᠭ᠋ᠠᠯᠠᠬᠤ ᠶᠡᠬᠡ ᠠᠩᠭᠢ ᠳᠡᠯᠪᠡᠴᠢᠬᠦ ᠠᠵᠢᠯ᠎ᠤᠨ ᠴᠡᠭ᠎ᠤᠨ ᠠᠮᠤᠷ ᠲᠦᠪᠰᠢᠨ᠎ᠤ ᠪᠠᠶ᠋ᠢᠴᠠᠭ᠋ᠠᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-01-10

      ᠳᠡᠯᠪᠡᠷᠡᠬᠦ ᠡᠳ᠋ ᠪᠣᠳᠠᠰ᠎ᠤᠨ ᠳᠡᠯᠪᠡᠴᠢᠬᠦ ᠠᠵᠢᠯ᠎ᠤᠨ ᠲᠤᠬᠠᠶ ᠵᠢᠨ ᠲᠠᠯᠠᠪᠤᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠷᠠᠳ᠎ᠤᠨ ᠬᠡᠷᠡᠭᠯᠡᠭᠡᠨ᠎ᠤ ᠳᠡᠯᠪᠡᠷᠡᠬᠦ ᠡᠳ᠋ ᠪᠣᠳᠠᠰ᠎ᠤᠨ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠬᠤ ᠵᠢᠨ ᠲᠥᠯᠥᠭᠡ᠂ ᠤᠯᠠᠭ᠋ᠠᠨᠬᠠᠳᠠ ᠬᠣᠲᠠ ᠵᠢᠨ ᠨᠢᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠮᠤᠷ᠎ᠢ ᠬᠠᠮᠠᠭ᠋ᠠᠯᠠᠬᠤ ᠶᠡᠬᠡ ᠠᠩᠭᠢ ᠬᠠᠷᠢᠶ᠎ᠠ ᠣᠷᠣᠨ᠎ᠤ ᠡᠯ᠎ᠡ ᠳᠡᠯᠪᠡᠴᠢᠬᠦ ᠠᠵᠢᠯ᠎ᠤᠨ ᠴᠡᠭ᠎ᠲᠤ ᠠᠮᠤᠷ ᠲᠦᠪᠰᠢᠨ᠎ᠤ ᠠᠷᠭ᠎ᠠ ᠬᠡᠮᠵᠢᠶ᠎ᠡ᠂ ᠠᠵᠢᠯᠲᠠᠨ᠎ᠤ ᠬᠢᠷᠢ ᠬᠡᠮ᠎ᠤᠨ ᠵᠥᠪᠰᠢᠶᠡᠷᠡᠯ ᠵᠡᠷᠭᠡ ᠵᠢᠨ ᠪᠠᠶ᠋ᠢᠴᠠᠭ᠋ᠠᠯᠲᠠ ᠥᠷᠨᠢᠭᠦᠯᠵᠦ᠂ ᠪᠠᠷᠢᠯᠭ᠎ᠠ ᠵᠢᠨ ᠨᠢᠭᠡᠴᠢ ᠵᠢ ᠵᠢᠯᠣᠭᠣᠳᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ᠎ᠢ ᠪᠦᠷᠢᠨᠰᠢᠭᠦᠯᠵᠦ᠂ ᠳᠡᠯᠪᠡᠴᠢᠬᠦ ᠠᠵᠢᠯ᠎ᠤᠨ ᠴᠤᠪᠤᠷᠠᠯ᠎ᠢ ᠵᠢᠷᠤᠮᠵᠢᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠥᠪᠡᠷ᠎ᠢ᠎ᠪᠠᠨ ᠪᠠᠶ᠋ᠢᠴᠠᠭ᠋ᠠᠵᠤ᠂ ᠡᠯ᠎ᠡ ᠲᠥᠷᠥᠯ᠎ᠤᠨ ᠠᠮᠤᠷ ᠲᠦᠪᠰᠢᠨ᠎ᠤ ᠳᠠᠯᠳᠠ ᠬᠡᠮ᠎ᠢ ᠴᠠᠭ ᠲᠤᠬᠠᠶ᠎ᠳᠤ᠎ᠨᠢ ᠠᠷᠢᠯᠭ᠋ᠠᠵᠤ᠂ ᠠᠶᠤᠯ ᠥᠬᠡᠶ ᠦᠢ᠍ᠯᠡᠳᠪᠦᠷᠢᠯᠡᠯ᠎ᠤᠨ ᠡᠨᠳᠡᠯ ᠭᠠᠷᠬᠤ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠤᠷᠢᠳᠴᠢᠯᠠᠨ ᠰᠡᠷᠭᠡᠶ᠋ᠢᠯᠡᠪᠡ᠃

宁城.jpg

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ