7 ᠰᠠᠷ᠎ᠠ ᠵᠢᠨ 1᠎ᠤ ᠣᠷᠣᠢ ᠰᠢᠯᠢ᠎ᠶᠢᠨ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ 《ᠳᠠᠯ᠎ᠠ ᠨᠣᠳᠤᠭ ᠤᠨ 99 ᠨᠣᠮᠧᠷᠲᠦ ᠵᠠᠰᠠᠮᠠᠯ ᠵᠠᠮ》 ᠤᠨ ᠲᠦᠮᠡᠨ ᠬᠦᠮᠦᠨ᠋ᠤ ᠲᠠᠭᠤᠨ᠎ᠤ ᠦᠳᠡᠰᠢᠯᠡᠭᠡ ᠬᠦᠰᠢᠭᠡ᠎ᠪᠠᠨ ᠰᠡᠬᠦᠵᠦ᠂ ᠭᠣᠢ᠌ᠲᠠ ᠰᠠᠢ᠌ᠬᠠᠨ ᠳᠠᠭᠤᠤ ᠬᠦᠭᠵᠢᠮ ᠲᠣᠭᠯᠠᠯᠲᠠ ᠪᠠ ᠦᠵᠡᠰᠭᠦᠯᠡᠩᠲᠦ ᠰᠠᠢ᠌ᠬᠠᠨ ᠲᠠᠯ᠎ᠠ ᠨᠣᠲᠤᠭ᠎ᠤᠨ ᠦᠩᠭᠡ ᠦᠵᠡᠮᠵᠢ᠎ᠨᠢ ᠤᠯᠠᠨ ᠦᠵᠡᠭᠴᠢᠳ᠎ᠤᠨ ᠠᠩᠬᠠᠷᠣᠯ᠎ᠢ ᠲᠠᠳᠠᠭᠰᠠᠨ ᠪᠠᠢ᠌ᠨ᠎ᠠ᠃

ᠲᠣᠭᠯᠠᠯᠲᠠ ᠡᠬᠢᠯᠡᠬᠦ᠎ᠠᠴᠠ ᠡᠮᠦᠨ᠎ᠡ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠠᠯᠢ ᠡᠷᠲᠡ ᠠᠵᠢᠯ᠎ᠤᠨ ᠪᠠᠢ᠌ᠷᠢ᠎ᠳᠤ᠎ᠪᠠᠨ ᠭᠠᠷᠴᠤ ᠠᠮᠤᠷ ᠲᠦᠪᠰᠢᠨ᠎ᠤ ᠪᠠᠢ᠌ᠴᠠᠭ᠋ᠠᠯᠲᠠ᠂ ᠡᠮᠬᠢ ᠳᠢᠭᠯᠢᠮ᠎ᠤᠨ ᠬᠠᠮᠠᠭ᠋ᠠᠯᠠᠯᠲᠠ᠂ ᠦᠢ᠍ᠯᠡᠴᠢᠯᠡᠭᠡᠨ᠎ᠤ ᠪᠠᠲᠤᠯᠠᠭ᠎ᠠ᠎ᠪᠠᠷ ᠲᠠᠭᠤᠨ᠎ᠤ ᠦᠳᠡᠰᠢᠯᠡᠭᠡ᠎ᠳᠤ ᠴᠢᠩᠭ᠎ᠠ ᠨᠢᠭᠲᠠ ᠠᠮᠤᠷ ᠲᠦᠪᠰᠢᠨ᠎ᠤ ᠰᠡᠷᠭᠡᠢ᠍ᠯᠡᠯᠲᠡ ᠵᠢᠨ ᠱᠤᠭᠤᠮ᠎ᠢ ᠲᠠᠲᠠᠵᠠᠢ᠃

ᠡᠭᠦᠷᠭᠡ ᠭᠦᠢ᠍ᠴᠡᠳᠭᠡᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠴᠠᠭᠳᠠᠭ᠋ᠠᠨ᠎ᠤ ᠬᠦᠴᠦᠨ᠎ᠢ ᠰᠢᠨᠵᠢᠯᠡᠬᠦ ᠤᠬᠠᠭ᠋ᠠᠨᠴᠢ᠎ᠪᠠᠷ ᠪᠠᠢ᠍ᠷᠢᠯᠠᠭᠤᠯᠵᠤ ᠣᠯᠠᠨ ᠡᠭᠦᠷᠭᠡ ᠭᠦᠢ᠍ᠴᠡᠳᠭᠡᠬᠦ ᠣᠷᠣᠨ ᠪᠦᠰᠡ ᠵᠢ ᠬᠤᠪᠢᠶᠠᠷᠢᠯᠠᠵᠤ᠂ ᠡᠭᠦᠷᠭᠡ ᠭᠦᠢ᠍ᠴᠡᠳᠭᠡᠬᠦ ᠴᠡᠭ᠎ᠲᠤ ᠬᠥᠳᠡᠯᠦᠩᠭᠦᠶ ᠲᠣᠭᠤᠷᠢᠨ ᠴᠠᠭᠳᠠᠬᠤ ᠪᠠ ᠴᠡᠭ ᠲᠣᠭᠲᠠᠭ᠋ᠠᠨ ᠡᠭᠦᠷᠭᠡ ᠭᠦᠢ᠍ᠴᠡᠳᠭᠡᠬᠦ ᠠᠷᠭ᠎ᠠ ᠮᠠᠶᠢᠭ᠎ᠢ ᠠᠪᠬᠤ ᠵᠢᠨ ᠬᠠᠮᠲᠤ᠂ ᠰᠠᠯᠭ᠋ᠠᠨ ᠲᠣᠬᠢᠷᠠᠭᠤᠯᠬᠤ ᠠᠷᠭ᠎ᠠ ᠬᠡᠮᠵᠢᠶ᠎ᠡ ᠵᠢ ᠤᠷᠢᠳᠴᠢᠯᠠᠨ ᠠᠪᠴᠤ ᠪᠠᠢ᠌ᠭ᠋ᠠᠳ ᠣᠬᠤᠷ ᠬᠤᠭᠤᠴᠠᠭ᠋ᠠᠨ᠎ᠳᠤ ᠲᠡᠷᠭᠡ ᠲᠦᠭᠵᠢᠷᠡᠬᠦ ᠦᠵᠡᠭᠳᠡᠯ ᠭᠠᠷᠬᠤ ᠵᠢ ᠴᠢᠩᠭ᠎ᠠ ᠰᠡᠷᠭᠡᠢ᠍ᠯᠡᠵᠦ᠂ ᠳᠠᠭᠣᠨᠤ ᠦᠳᠡᠰᠢᠯᠭᠡ ᠵᠢᠨ ᠡᠷᠬᠢᠨ ᠲᠣᠭᠤᠷᠢᠨ᠎ᠤ ᠵᠠᠮ᠎ᠤᠨ ᠠᠮᠤᠷ ᠲᠦᠪᠰᠢᠨ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠪᠠᠲᠤᠯᠠᠪᠠ᠃ ᠪᠥᠬᠦ ᠵᠢᠵᠢᠭᠦᠷᠯᠡᠵᠦ ᠪᠠᠢ᠌ᠭ᠎ᠠ ᠴᠠᠭᠳᠠᠭ᠎ᠠ ᠲᠤᠬᠠᠶ ᠵᠢᠨ ᠲᠠᠯᠠᠪᠤᠷ᠎ᠤᠨ ᠡᠮᠬᠢ ᠳᠢᠭᠯᠢᠮ᠎ᠢ ᠬᠠᠮᠠᠭ᠍ᠠᠯᠠᠵᠤ᠂ ᠠᠮᠤᠷ ᠲᠦᠪᠰᠢᠨ᠂ ᠡᠮᠬᠢ ᠵᠢᠷᠤᠮ᠎ᠲᠠᠢ ᠲᠣᠭᠯᠠᠯᠲᠠ ᠵᠢᠨ ᠣᠷᠴᠢᠨ ᠲᠣᠭᠣᠷᠢᠨ᠎ᠢ ᠬᠠᠩᠭ᠋ᠠᠪᠠ᠃