8 ᠰᠠᠷ᠎ᠠ ᠵᠢᠨ 16᠎ᠤ ᠡᠳᠦᠷ᠂ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠤᠯᠢ ᠬᠡᠷᠡᠭᠵᠢᠭᠦᠯᠬᠦ ᠴᠢᠳᠠᠪᠤᠷᠢ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠠᠯᠠᠱ᠌ᠠ ᠠᠢ᠌ᠮᠠᠭ᠎ᠤᠨ ᠬᠤᠶᠠᠷᠬᠤᠳᠳᠤᠭ᠎ᠤᠨ ᠬᠥᠳᠡᠭᠡ ᠠᠮᠢ ᠠᠬᠤᠢ ᠨᠡᠭᠦᠳᠡᠯ ᠠᠷᠠᠳ᠎ᠤᠨ ᠵᠢᠱ᠌ᠢᠶ᠎ᠡ ᠦᠵᠡᠭᠦᠯᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠬᠠᠤᠯᠢ ᠲᠦᠷᠢᠮ᠎ᠤᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠨᠠᠮ᠎ᠤᠨ ᠬᠣᠷᠢᠶᠠᠨ᠎ᠤ ᠭᠡᠰᠢᠭᠦᠨ ᠭᠠᠯᠪᠠᠭ᠋ᠠᠲᠤᠷ ᠰᠢᠪᠠᠳᠠᠨ ᠪᠠᠶ᠋ᠢᠴᠠᠭ᠋ᠠᠬᠤ ᠬᠠᠤᠯᠢ ᠲᠦᠷᠢᠮ᠎ᠤᠨ ᠶᠡᠬᠡ ᠠᠩᠭᠢ ᠵᠢᠨ ᠪᠥᠬᠥ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠳᠠᠭ᠋ᠠᠭᠤᠯᠤᠨ ᠲᠩᠷᠢ ᠡᠯᠡᠰᠦ ᠲᠣᠮᠢᠯᠠᠭᠰᠠᠨ ᠰᠠᠯᠪᠤᠷᠢ᠎ᠳᠤ ᠬᠦᠷᠴᠦ ᠰᠤᠷᠭ᠋ᠠᠨ ᠬᠥᠮᠦᠵᠢᠯ᠎ᠢ ᠦᠨᠳᠦᠰᠦᠨ ᠱᠠᠲᠤᠨ᠎ᠳᠤ ᠬᠦᠷᠭᠡᠵᠦ ᠬᠠᠤᠯᠢ ᠬᠡᠷᠡᠭᠵᠢᠭᠦᠯᠬᠦ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠥᠷᠨᠢᠭᠦᠯᠪᠡ᠃

ᠪᠣᠯᠪᠠᠰᠤᠷᠠᠯ᠎ᠤᠨ ᠬᠤᠷᠠᠯ ᠳᠡᠭᠡᠷ᠎ᠡ᠂ ᠨᠠᠮ᠎ᠤᠨ ᠬᠣᠷᠢᠶᠠᠨ᠎ᠤ ᠭᠡᠰᠢᠭᠦᠨ ᠭᠠᠯᠪᠠᠭ᠋ᠠᠲᠤᠷ ᠡᠩ ᠲᠡᠷᠢᠭᠦᠨ᠎ᠳᠤ ᠲᠣᠮᠢᠯᠠᠭᠰᠠᠨ ᠰᠠᠯᠪᠤᠷᠢ ᠵᠢᠨ 8 ᠰᠠᠷ᠎ᠠ᠎ᠠᠴᠠ ᠨᠠᠭ᠋ᠠᠰᠢᠬᠢ ᠲᠦᠭᠰᠢᠭᠦᠷᠢ ᠵᠢᠨ ᠮᠡᠳᠡᠭᠦᠯᠦᠯᠲᠡ ᠵᠢ ᠰᠢᠢ᠍ᠳᠪᠦᠷᠢᠯᠡᠭᠰᠡᠨ ᠦᠷ᠎ᠡ ᠳ᠋ᠦᠩ᠎ᠤᠨ ᠰᠣᠩᠭᠣᠯᠲᠠ ᠵᠢᠨ ᠲᠠᠯ᠎ᠠ᠎ᠪᠠᠷ ᠣᠷᠣᠰᠢᠵᠤ ᠪᠠᠶ᠋ᠢᠭ᠎ᠠ ᠠᠰᠠᠭᠤᠳᠠᠯ᠎ᠢ ᠵᠠᠷᠯᠠᠨ ᠮᠡᠳᠡᠭᠳᠡᠵᠦ᠂ ᠥᠪᠡᠷᠲᠡᠭᠡᠨ ᠵᠥᠪᠳᠡᠯᠴᠡᠬᠦ ᠲᠥᠷᠥᠯ᠎ᠤᠨ ᠴᠠᠭᠳᠠᠭ᠋ᠠᠨ᠎ᠤ ᠪᠠᠶ᠋ᠢᠳᠠᠯ ᠪᠠ ᠲᠤᠬᠠᠶ ᠵᠢᠨ ᠲᠠᠯᠠᠪᠤᠷ᠎ᠲᠤ ᠡᠶᠡᠳᠡᠭᠦᠯᠬᠦ ᠲᠥᠷᠥᠯ᠎ᠤᠨ ᠴᠠᠭᠳᠠᠭ᠋ᠠᠨ᠎ᠤ ᠪᠠᠶ᠋ᠢᠳᠠᠯ᠎ᠤᠨ ᠢᠯᠭ᠋ᠠᠭ᠎ᠠ ᠵᠢ ᠵᠢᠱ᠌ᠢᠶ᠎ᠡ ᠲᠠᠲᠠᠵᠤ ᠲᠠᠶ᠋ᠢᠯᠪᠤᠷᠢᠯᠠᠨ᠂ ᠬᠠᠷᠢᠴᠠᠭᠤᠯᠤᠨ ᠲᠣᠳᠣᠷᠬᠠᠶ᠋ᠢᠯᠠᠬᠤ ᠵᠢᠨ ᠬᠠᠮᠲᠤ ᠬᠣᠶ᠋ᠢᠰᠢᠳᠠ ᠵᠢᠨ ᠲᠣᠮᠢᠯᠠᠭᠰᠠᠨ ᠰᠠᠯᠪᠤᠷᠢ ᠵᠢᠨ ᠲᠦᠭᠰᠢᠭᠦᠷᠢ ᠵᠢᠨ ᠪᠠᠶ᠋ᠢᠳᠠᠯ᠎ᠢ ᠰᠢᠢ᠍ᠳᠪᠦᠷᠢᠯᠡᠬᠦ ᠠᠵᠢᠯ᠎ᠤᠨ ᠲᠤᠬᠠᠶ 2 ᠵᠤᠷᠪᠤᠰ ᠬᠠᠤᠯᠢ ᠲᠦᠷᠢᠮ᠎ᠤᠨ ᠠᠵᠢᠯ᠎ᠤᠨ ᠰᠠᠨᠠᠭᠤᠯᠭ᠎ᠠ ᠳᠤᠷᠠᠳᠪᠠ᠃

ᠲᠠᠷᠠᠭ᠎ᠠ᠎ᠨᠢ᠂ ᠰᠢᠪᠠᠳᠠᠨ ᠪᠠᠶ᠋ᠢᠴᠠᠭ᠋ᠠᠬᠤ ᠬᠠᠤᠯᠢ ᠲᠦᠷᠢᠮ᠎ᠤᠨ ᠶᠡᠬᠡ ᠠᠩᠬᠢ ᠵᠢᠨ ᠳᠠᠷᠤᠭ᠎ᠠ ᠵᠠᠩ ᠱ᠌ᠢ ᠹᠠᠩ ᠤᠢ᠍ᠢ᠍ᠷ᠎ᠠ ᠵᠢᠨ ᠬᠤᠭᠤᠴᠠᠭ᠋ᠠᠨ᠎ᠳᠤ ᠲᠣᠮᠢᠯᠠᠭᠰᠠᠨ ᠰᠠᠯᠪᠤᠷᠢ ᠵᠢᠨ 《ᠲᠦᠭᠰᠢᠭᠦᠷᠢ ᠵᠢᠨ ᠪᠠᠶ᠋ᠢᠳᠠᠯ᠎ᠢ ᠰᠢᠢ᠍ᠳᠪᠦᠷᠢᠯᠡᠭᠰᠡᠨ ᠪᠦᠷᠢᠳᠬᠡᠯ᠎ᠤᠨ ᠬᠦᠰᠦᠨᠦᠭ》᠎ᠢ ᠪᠠᠶ᠋ᠢᠴᠠᠭ᠋ᠠᠵᠤ᠂ ᠣᠷᠣᠰᠢᠵᠤ ᠪᠠᠶ᠋ᠢᠭ᠎ᠠ ᠠᠰᠠᠭᠤᠳᠠᠯ᠎ᠢ ᠲᠤᠬᠠᠢ ᠵᠢᠨ ᠲᠠᠯᠠᠪᠠᠢ᠎ᠳᠤ ᠵᠢᠭ᠋ᠠᠵᠤ ᠭᠠᠷᠭ᠋ᠠᠭᠰᠠᠨ᠎ᠤ ᠬᠠᠮᠲᠤ᠂ ᠤᠳᠠᠭ᠎ᠠ ᠪᠦᠷᠢ ᠵᠢᠨ ᠲᠦᠭᠰᠢᠭᠦᠷᠢ ᠵᠢᠨ ᠪᠠᠶ᠋ᠢᠳᠠᠯ ᠢ ᠨᠠᠷᠢᠨ ᠬᠢᠨᠠᠮᠠᠭ᠋ᠠᠢ ᠰᠢᠢ᠍ᠳᠪᠦᠷᠢᠯᠡᠵᠦ᠂ 《ᠲᠦᠭᠰᠢᠭᠦᠷᠢ ᠵᠢᠨ ᠪᠠᠶ᠋ᠢᠳᠠᠯ᠎ᠢ ᠰᠢᠢ᠍ᠳᠪᠦᠷᠢᠯᠡᠭᠰᠡᠨ ᠪᠦᠷᠢᠳᠬᠡᠯ᠎ᠤᠨ ᠬᠦᠰᠦᠨᠦᠭ》᠎ᠢ ᠵᠢᠷᠤᠮᠵᠢᠯ᠎ᠲᠠᠢ ᠲᠠᠭᠯᠠᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ ᠭᠡᠵᠦ ᠬᠡᠷᠡᠭ ᠰᠢᠢ᠍ᠳᠪᠦᠷᠢᠯᠡᠬᠦ ᠴᠠᠭᠳᠠᠭ᠎ᠠ ᠨᠠᠷ᠎ᠲᠤ ᠰᠠᠨᠠᠭᠤᠯᠵᠠᠢ᠃ ᠡᠭᠦᠨ᠎ᠤ ᠬᠠᠮᠲᠤ᠂ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠶᠠᠪᠤᠴᠠ᠎ᠳᠤ ᠠᠮᠠᠷᠬᠠᠨ ᠡᠭᠦᠰᠬᠦ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠴᠡᠭ ᠵᠢᠴᠢ ᠠᠷᠢᠯᠭ᠋ᠠᠬᠤ ᠠᠷᠭ᠎ᠠ ᠵᠢᠨ ᠲᠤᠬᠠᠶ ᠲᠠᠶ᠋ᠢᠯᠪᠤᠷᠢᠯᠠᠯᠲᠠ ᠲᠣᠳᠣᠷᠬᠠᠶ᠋ᠢᠯᠠᠯᠲᠠ ᠵᠢ ᠤᠯᠠᠮ ᠨᠢᠭᠡ ᠠᠯᠬᠤᠮ ᠴᠢᠬᠤᠯᠠᠴᠢᠯᠠᠵᠤ᠂ ᠪᠣᠯᠪᠠᠰᠤᠷᠠᠯ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ᠎ᠳᠤ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ ᠪᠠ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠪᠠᠶ᠋ᠢᠩᠭᠤ ᠬᠡᠷᠡᠭᠯᠡᠬᠦ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃ ᠪᠣᠯᠪᠠᠰᠤᠷᠠᠯ᠎ᠳᠤ ᠣᠷᠣᠯᠴᠠᠭᠰᠠᠨ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ᠎ᠬᠢᠨ ᠡᠳᠦᠷ ᠲᠤᠲᠤᠮ᠎ᠤᠨ ᠡᠯ᠎ᠡ ᠲᠥᠷᠥᠯ᠎ᠤᠨ ᠴᠠᠭᠳᠠᠭ᠎ᠠ ᠰᠢᠢ᠍ᠳᠪᠦᠷᠢᠯᠡᠬᠦ ᠪᠠ ᠬᠠᠤᠯᠢ ᠬᠡᠷᠡᠭᠵᠢᠭᠦᠯᠬᠦ ᠠᠵᠢᠯᠯᠠᠭ᠎ᠠ ᠳᠤᠮᠳᠠ ᠲᠤᠯᠭ᠋ᠠᠷᠠᠭᠰᠠᠨ ᠪᠣᠳᠠᠲᠠᠶ ᠬᠦᠴᠢᠷᠳᠡᠯ᠂ ᠠᠰᠠᠭᠤᠳᠠᠯ ᠵᠢᠴᠢ ᠬᠢᠨᠠᠨ ᠪᠠᠶ᠋ᠢᠴᠠᠭ᠋ᠠᠬᠤ ᠬᠠᠤᠯᠢ ᠳᠦᠷᠢᠮ᠎ᠤᠨ ᠶᠡᠬᠡ ᠠᠩᠭᠢ ᠵᠢᠨ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠲᠤᠬᠠᠶ ᠵᠢᠨ ᠲᠠᠯᠠᠪᠤᠷ᠎ᠲᠤ ᠬᠡᠷᠬᠢᠨ ᠰᠢᠢ᠍ᠳᠪᠦᠷᠢᠯᠡᠬᠦ ᠲᠤᠬᠠᠶ ᠰᠠᠨᠠᠯ ᠵᠶ᠋ᠠᠨ ᠰᠣᠯᠢᠯᠴᠠᠨ ᠶᠠᠷᠢᠯᠴᠠᠪᠠ᠃ ᠡᠯ᠎ᠡ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠰᠠᠭᠤᠳᠠᠯ᠎ᠤᠨ ᠳᠤᠮᠳᠠ᠎ᠠᠴᠠ ᠲᠤᠷᠰᠢᠯᠭ᠎ᠠ ᠰᠢᠩᠭᠡᠭᠡᠨ ᠠᠪᠬᠤ ᠵᠢ ᠲᠠᠰᠤᠷᠠᠯᠲᠠ ᠥᠬᠡᠶ ᠠᠬᠢᠭᠤᠯᠵᠤ᠂ ᠰᠣᠯᠢᠯᠴᠠᠭ᠎ᠠ᠎ᠪᠠᠷ ᠳᠠᠮᠵᠢᠭᠤᠯᠤᠨ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ ᠵᠢᠨ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠴᠢᠳᠠᠪᠤᠷᠢ ᠪᠠ ᠬᠡᠪ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠲᠣᠰ ᠤᠳᠠᠭ᠋ᠠᠨ᠎ᠤ ᠰᠤᠷᠭ᠋ᠠᠨ ᠬᠥᠮᠦᠵᠢᠯ᠎ᠢ ᠦᠨᠳᠦᠰᠦᠨ ᠱᠠᠲᠤᠨ᠎ᠳᠤ ᠬᠦᠷᠭᠡᠬᠦ ᠬᠠᠤᠯᠢ ᠬᠡᠷᠡᠭᠵᠢᠭᠦᠯᠬᠦ ᠪᠣᠯᠪᠠᠰᠤᠷᠠᠯ᠎ᠳᠤ ᠭᠣᠤᠯᠳᠠᠯᠭ᠎ᠠ ᠵᠢ ᠳᠣᠪᠣᠶ᠋ᠢᠯᠭ᠋ᠠᠨ᠂ ᠠᠰᠠᠭᠤᠳᠠᠯ᠎ᠳᠤ ᠰᠢᠭᠤᠳ ᠬᠠᠨᠳᠤᠵᠤ᠂ ᠬᠠᠨᠳᠤᠯᠭ᠋ᠠᠲᠤ ᠴᠢᠨᠠᠷ᠂ ᠪᠣᠳᠠᠲᠤ ᠪᠠᠶ᠋ᠢᠯᠳᠤᠭ᠋ᠠᠨ᠎ᠤ ᠴᠢᠨᠠᠷ᠂ ᠬᠡᠷᠡᠭᠵᠢᠭᠦᠯᠵᠦ ᠪᠣᠯᠬᠤᠶ᠋ᠢᠴᠠ ᠴᠢᠨᠠᠷ ᠵᠶ᠋ᠠᠷ ᠴᠢᠩᠭ᠎ᠠ ᠪᠠᠶ᠋ᠢᠵᠤ᠂ ᠲᠩᠷᠢ ᠡᠯᠡᠰᠦ ᠲᠣᠮᠢᠯᠠᠭᠰᠠᠨ ᠰᠠᠯᠪᠤᠷᠢ ᠵᠢᠨ ᠪᠣᠯᠪᠠᠰᠤᠷᠠᠯ᠎ᠳᠤ ᠣᠷᠣᠯᠴᠠᠭᠰᠠᠨ ᠪᠥᠬᠥ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠡᠳᠦᠷ ᠲᠤᠲᠤᠮ᠎ᠤᠨ ᠲᠦᠭᠰᠢᠭᠦᠷᠢ ᠵᠢᠨ ᠪᠠᠶ᠋ᠢᠳᠠᠯ᠎ᠢ ᠰᠢᠢᠳᠪᠦᠷᠢᠯᠡᠬᠦ ᠪᠠ ᠬᠡᠷᠡᠭ᠎ᠢ ᠰᠢᠢᠳᠪᠦᠷᠢᠯᠡᠬᠦ ᠵᠢ ᠤᠯᠠᠮ ᠨᠢᠭᠡ ᠠᠯᠬᠤᠮ ᠵᠢᠷᠤᠮᠵᠢᠭᠤᠯᠬᠤ ᠲᠠᠯ᠎ᠠ᠎ᠪᠠᠷ ᠨᠠᠩ ᠪᠥᠬᠥ ᠲᠠᠯ᠎ᠠ ᠵᠢᠨ᠂ ᠰᠢᠰᠲ᠋ᠧᠮ᠎ᠲᠠᠢ᠂ ᠲᠣᠳᠣᠷᠬᠠᠶ ᠲᠠᠨᠢᠯᠲᠠ᠎ᠲᠠᠢ ᠪᠣᠯᠭ᠋ᠠᠵᠤ᠂ ᠪᠥᠬᠥ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ ᠪᠠ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠦᠢᠯᠡᠳᠦᠯ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ᠃