10 ᠳ᠋ᠤᠭ᠋ᠠᠷ ᠰᠠᠷ᠎ᠠ ᠵᠢᠨ 18᠎ᠤ ᠦᠳᠡ ᠵᠢᠨ ᠬᠣᠢ᠌ᠨ᠎ᠠ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠠᠵᠢᠯ᠎ᠢ ᠦᠨᠡᠨ ᠬᠦ᠌ ᠰᠠᠢ᠌ᠲᠤᠷ ᠬᠢᠬᠦ᠂ ᠪᠥᠬᠥ ᠪᠠᠭᠰᠢ ᠰᠣᠷᠣᠭᠴᠢ ᠵᠢᠴᠢ ᠰᠤᠷᠭ᠋ᠠᠭᠤᠯᠢ ᠵᠢᠨ ᠬᠦᠷᠢᠶᠡᠨ᠎ᠤ ᠠᠮᠤᠷ᠎ᠢ ᠬᠠᠮᠠᠭ᠋ᠠᠯᠠᠭᠴᠢ ᠵᠢᠨ ᠰᠦᠷᠳᠡᠭᠦᠯᠦᠯ᠎ᠢ ᠡᠰᠡᠷᠬᠦᠴᠡᠵᠦ ᠬᠦᠴᠦᠷᠬᠡᠭᠯᠡᠯ᠎ᠢ ᠰᠡᠷᠭᠡᠢ᠌ᠯᠡᠬᠦ ᠤᠬᠠᠮᠰᠠᠷ ᠪᠠ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠴᠠᠭᠳᠠᠭ᠎ᠠ ᠵᠢᠨ ᠶᠡᠬᠡ ᠠᠩᠭᠢ ᠳᠥᠷᠪᠡᠳᠦᠭᠡᠷ ᠪᠠᠭ᠎ᠠ ᠰᠤᠷᠭ᠋ᠠᠭᠤᠯᠢ᠎ᠲᠠᠢ ᠬᠠᠮᠲᠤᠷᠠᠨ ᠪᠠᠴᠢᠮ ᠪᠠᠢ᠌ᠳᠠᠯ᠎ᠢ ᠠᠷᠭ᠋ᠠᠴᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠰᠣᠷᠢᠯᠲᠠ ᠵᠢ ᠥᠷᠨᠢᠭᠦᠯᠪᠡ᠃

ᠰᠣᠷᠢᠯᠲᠠ᠎ᠳᠤ᠂ ᠣᠨᠴᠠ ᠲᠥᠷᠥᠯ᠎ᠤᠨ ᠴᠠᠭᠳᠠᠭ᠎ᠠ ᠵᠢᠨ ᠠᠩᠭᠢ ᠵᠢᠨ ᠨᠢᠭᠡᠨ ᠭᠡᠰᠢᠭᠦᠨ᠎ᠤ ᠳᠤᠭᠯᠠᠭᠰᠠᠨ 《ᠪᠠᠯᠮᠠᠳ ᠡᠲᠡᠭᠡᠳ》 ᠭᠠᠷ᠎ᠲᠤ᠎ᠪᠠᠨ ᠬᠢᠳᠤᠭ᠎ᠠ ᠵᠡᠪᠰᠡᠭ ᠠᠳᠬᠤᠨ ᠰᠤᠷᠭ᠋ᠠᠭᠤᠯᠢ ᠵᠢᠨ ᠬᠦᠷᠢᠶᠡᠨ᠎ᠳᠤ ᠬᠦᠴᠦᠷᠬᠡᠭᠯᠡᠨ ᠣᠷᠣᠵᠤ ᠢᠷᠡᠬᠦ᠎ᠳᠤ᠂ ᠰᠤᠷᠭ᠋ᠠᠭᠤᠯᠢ ᠵᠢᠨ ᠠᠮᠤᠷ᠎ᠢ ᠬᠠᠮᠠᠭ᠋ᠠᠯᠠᠬᠤ ᠠᠵᠢᠯᠲᠠᠨ ᠲᠡᠷᠡ ᠳᠠᠷᠤᠢ᠎ᠳᠤ᠎ᠨᠢ ᠲᠦᠭᠰᠢᠭᠦᠷᠢ ᠮᠡᠳᠡᠭᠦᠯᠬᠦ ᠲᠥᠬᠦᠭᠡᠷᠦᠮᠵᠢ ᠵᠢ ᠳᠠᠷᠤᠬᠤ ᠵᠢᠨ ᠬᠠᠮᠲᠤ ᠬᠦᠴᠦᠷᠬᠡᠭᠯᠡᠯ᠎ᠢ ᠰᠡᠷᠭᠡᠢ᠌ᠯᠡᠬᠦ ᠪᠠᠮᠪᠠᠢ᠂ ᠬᠦᠴᠦᠷᠬᠡᠭᠯᠡᠯ᠎ᠢ ᠰᠡᠷᠭᠡᠢ᠌ᠯᠡᠬᠦ ᠰᠡᠷᠡᠭᠡ᠎ᠪᠠᠷ 《ᠪᠠᠯᠠᠮᠠᠳ ᠡᠲᠡᠭᠡᠳ》᠎ᠲᠠᠢ ᠦᠵᠡᠯᠴᠡᠪᠡ᠃ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠵᠢᠯᠤᠭᠣᠳᠬᠤ ᠲᠥᠪ᠎ᠤᠨ ᠵᠠᠷᠯᠢᠭ᠎ᠢ ᠣᠯᠣᠭᠰᠠᠨ᠎ᠤ ᠳᠠᠷᠠᠭ᠎ᠠ᠂ ᠣᠨᠴᠠ ᠴᠠᠭᠳᠠᠭ᠋ᠠᠨ᠎ᠤ ᠶᠡᠬᠡ ᠠᠩᠭᠢ ᠰᠦᠷᠳᠡᠭᠦᠯᠦᠯ᠎ᠢ ᠡᠰᠡᠷᠭᠦᠴᠡᠵᠦ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ᠎ᠤᠨ ᠱᠠᠭ᠋ᠠᠷᠳᠠᠯᠭ᠎ᠠ ᠶᠣᠰᠣᠭ᠋ᠠᠷ ᠪᠦᠷᠢᠨ ᠵᠡᠪᠰᠡᠭᠯᠡᠨ ᠲᠤᠬᠠᠢ ᠵᠢᠨ ᠲᠠᠯᠠᠪᠠᠶ᠎ᠳᠤ ᠲᠦᠷᠭᠡᠨ ᠬᠦᠷᠴᠦ᠂ ᠬᠦᠴᠦᠷᠬᠡᠭᠯᠡᠯ᠎ᠢ ᠰᠡᠷᠭᠡᠢ᠌ᠯᠡᠬᠦ ᠰᠡᠷᠡᠭᠡ ᠵᠡᠷᠭᠡ ᠪᠠᠭ᠋ᠠᠵᠢ ᠬᠡᠷᠡᠭᠰᠡᠯ᠎ᠢ ᠠᠰᠢᠭᠯᠠᠨ 《ᠪᠠᠯᠠᠮᠠᠳ ᠡᠲᠡᠭᠡᠳ》᠎ᠢ ᠠᠮᠵᠢᠯᠲᠠ᠎ᠲᠠᠢ᠎ᠪᠠᠷ ᠨᠣᠮᠣᠬᠠᠳᠬᠠᠭᠰᠠᠨ ᠪᠥᠭᠡᠳ ᠪᠡᠶ᠎ᠡ ᠵᠢ᠎ᠨᠢ ᠨᠢᠭ᠌ᠵᠢᠵᠤ ᠲᠤᠬᠠᠢ ᠵᠢᠨ ᠲᠠᠯᠠᠪᠠᠶ᠎ᠠᠴᠠ ᠵᠠᠢ᠌ᠯᠠᠭᠤᠯᠵᠠᠢ᠃
ᠲᠣᠰ ᠤᠳᠠᠭ᠋ᠠᠨ᠎ᠤ ᠰᠣᠷᠢᠯᠲᠠ᠎ᠳᠤ ᠰᠤᠷᠭ᠋ᠠᠭᠤᠯᠢ ᠵᠢᠨ ᠬᠦᠷᠢᠶᠡᠨ᠎ᠤ ᠠᠮᠤᠷ᠎ᠢ ᠬᠠᠮᠠᠭ᠋ᠠᠯᠠᠬᠤ ᠠᠵᠢᠯᠲᠠᠨ᠎ᠤ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ᠎ᠤ ᠬᠠᠮᠲᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠠᠵᠢᠯ᠎ᠤᠨ ᠠᠷᠭ᠎ᠠ ᠪᠠ ᠤᠷ᠎ᠠ ᠴᠢᠳᠠᠪᠤᠷᠢ ᠵᠢ ᠡᠵᠡᠮᠰᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠠᠮᠤᠷ ᠠᠮᠤᠭᠤᠯᠠᠩ ᠰᠤᠷᠭ᠋ᠠᠭᠤᠯᠢ ᠵᠢᠨ ᠬᠦᠷᠢᠶᠡᠨ᠎ᠳᠤ ᠰᠠᠢ᠌ᠨ ᠰᠠᠭᠤᠷᠢ ᠲᠠᠯᠪᠢᠵᠤ ᠥᠭᠭᠦᠭᠰᠡᠨ ᠪᠠᠢ᠌ᠨ᠎ᠠ᠃