ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠯᠪᠠᠰᠤᠷᠠᠯ
ᠴᠠᠭᠳᠠᠨ ᠰᠡᠷᠭᠡᠢ᠌ᠯᠡᠬᠦ ᠰᠣᠷᠢᠯᠲᠠ ᠬᠢᠵᠤ ᠴᠢᠳᠠᠪᠤᠷᠢ ᠮᠡᠷᠭᠡᠵᠢᠯ ᠵᠶ᠋ᠡᠨ ᠳᠡᠭᠡᠭᠰᠢᠯᠡᠭᠦᠯᠦᠨ ᠠᠮᠤᠷ ᠲᠤᠭᠳᠠᠭᠤᠨ᠎ᠢ ᠬᠠᠮᠠᠭ᠋ᠠᠯᠠᠪᠠ
ᠨᠡᠶ᠋ᠢᠲᠡᠯᠡᠭᠰᠡᠨ ᠴᠠᠭ᠄ 2023-11-13

     10 ᠳ᠋ᠤᠭ᠋ᠠᠷ ᠰᠠᠷ᠎ᠠ ᠵᠢᠨ 27᠎ᠤ ᠡᠳᠦᠷ᠂ ᠬᠠᠷᠢᠶᠠᠲᠤ ᠣᠷᠣᠨ᠎ᠤ ᠳᠣᠲᠣᠷᠠᠬᠢ ᠴᠡᠷᠢᠭ᠂ ᠴᠠᠭᠳᠠᠭ᠎ᠠ᠂ ᠠᠷᠠᠳ᠎ᠤᠨ ᠵᠣᠬᠢᠴᠠᠯᠳᠤᠨ ᠬᠠᠮᠵᠢᠯᠴᠠᠬᠤ᠂ ᠮᠡᠳᠡᠭᠡ ᠵᠠᠩᠭᠢ ᠰᠣᠯᠢᠯᠴᠠᠬᠤ᠂ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠤᠯᠠᠮ ᠴᠢᠨᠠᠭᠰᠢᠲᠠ ᠴᠢᠩᠭ᠋ᠠᠳᠬᠠᠬᠤ᠂ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠬᠢᠯᠢ ᠬᠢᠵᠠᠭ᠋ᠠᠷ ᠣᠷᠣᠨ᠎ᠤ ᠣᠷᠴᠢᠨ ᠲᠣᠭᠣᠷᠢᠨ᠎ᠢ ᠪᠣᠶ ᠪᠣᠯᠭ᠋ᠠᠬᠤ ᠵᠢᠨ ᠲᠥᠯᠦᠭᠡ᠂ ᠰᠢᠯᠢ ᠵᠢᠨ ᠭᠣᠤᠯ ᠠᠢ᠌ᠮᠠᠭ᠎ᠤᠨ ᠰᠦᠨᠢᠳ ᠪᠠᠷᠠᠭᠤᠨ ᠬᠣᠰᠢᠭᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠦᠯ᠎ᠤᠨ ᠴᠠᠭᠳᠠᠭ᠎ᠠ ᠵᠢᠨ ᠶᠡᠬᠡ ᠠᠩᠭᠢ ᠬᠢᠯᠢ ᠵᠢᠨ ᠬᠠᠮᠢᠶᠠᠷᠤᠯᠲᠠ ᠵᠢᠨ ᠶᠡᠬᠡ ᠠᠩᠭᠢ᠂ ᠬᠢᠯᠢ ᠵᠢᠨ ᠬᠠᠮᠠᠭ᠋ᠠᠯᠠᠯᠲᠠ ᠵᠢᠨ ᠴᠡᠷᠢᠭ ᠠᠩᠭᠢ᠂ ᠬᠠᠷᠢᠶ᠎ᠠ ᠣᠷᠣᠨ᠎ᠤ ᠬᠢᠯᠢ ᠵᠢᠨ ᠬᠠᠮᠠᠭ᠋ᠠᠯᠠᠭᠴᠢ᠎ᠲᠠᠢ ᠬᠠᠮᠲᠤᠷᠠᠨ ᠬᠢᠯᠢ ᠵᠢᠨ ᠠᠵᠢᠯ᠎ᠢ ᠲᠣᠭᠣᠷᠢᠨ ᠪᠠᠢ᠌ᠴᠠᠭ᠋ᠠᠬᠤ ᠵᠢᠴᠢ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠰᠣᠷᠢᠯᠲᠠ ᠵᠢᠨ ᠠᠵᠢᠯᠯᠠᠭ᠎ᠠ ᠦᠷᠨᠢᠬᠦᠯᠪᠡ᠃

cb12c194c6d60ee20224b54e281d2e2.jpg  


    ᠬᠢᠯᠢ ᠵᠢᠨ ᠨᠢᠭᠡᠳᠦᠭᠡᠷ ᠹᠷᠣᠨᠲ᠎ᠤᠨ ᠦᠨᠳᠦᠰᠦᠨ ᠪᠠᠢ᠌ᠳᠠᠯ᠎ᠢ ᠦᠨᠳᠦᠰᠦᠯᠡᠨ᠂ ᠶᠠᠪᠤᠭ᠋ᠠᠨ ᠪᠠ ᠲᠡᠷᠭᠡ᠎ᠪᠠᠷ ᠲᠣᠭᠣᠷᠢᠨ ᠪᠠᠢ᠌ᠴᠠᠭ᠋ᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠬᠢᠯᠢ ᠵᠢᠨ ᠠᠵᠢᠯᠯᠠᠬᠤ ᠭᠠᠵᠠᠷ᠂ ᠮᠠᠯᠵᠢᠯ᠎ᠤᠨ ᠲᠠᠯᠠᠪᠠᠶ ᠵᠢᠨ ᠣᠷᠣᠨ ᠪᠦᠰᠡ᠎ᠳᠤ ᠲᠣᠭᠣᠷᠢᠨ ᠴᠠᠭᠳᠠᠬᠤ ᠠᠵᠢᠯ ᠬᠢᠬᠦ ᠵᠢᠨ ᠬᠠᠮᠲᠤ᠂ ᠬᠢᠯᠢ ᠵᠢᠨ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠰᠠᠭᠤᠷᠢ ᠪᠠᠢ᠌ᠭᠤᠯᠤᠯᠲᠠ ᠵᠢᠨ ᠪᠠᠢ᠌ᠳᠠᠯ᠎ᠢ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠦᠵᠡᠪᠡ᠃

e662974ca43ae38c3cfd4cdad6c837b.jpg  


     ᠲᠣᠰ ᠤᠳᠠᠭ᠋ᠠᠨ᠎ᠤ ᠬᠠᠮᠳᠤᠷᠠᠭᠰᠠᠨ ᠬᠢᠯᠢ ᠬᠢᠵᠠᠭ᠋ᠠᠷ ᠣᠷᠣᠨ᠎ᠢ ᠲᠣᠭᠣᠷᠢᠨ ᠪᠠᠢ᠌ᠴᠠᠭ᠋ᠠᠬᠤ᠂ ᠰᠣᠷᠢᠯᠲᠠ ᠵᠢᠨ ᠠᠵᠢᠯᠯᠠᠭ᠎ᠠ᠎ᠪᠠᠷ ᠳᠠᠮᠵᠢᠭᠤᠯᠤᠨ᠂ ᠴᠡᠷᠢᠭ᠂ ᠴᠠᠭᠳᠠᠭ᠎ᠠ᠂ ᠠᠷᠠᠳ᠎ᠤᠨ ᠡᠯ᠎ᠡ ᠨᠢᠭᠡᠴᠢ ᠵᠢᠨ ᠬᠣᠭᠣᠷᠣᠨᠳᠣᠬᠢ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠴᠢᠩᠭ᠋ᠠᠳᠬᠠᠵᠤ᠂ ᠪᠦᠯᠬᠦᠮᠳᠡᠨ ᠬᠠᠮᠵᠢᠯᠴᠠᠬᠤ ᠤᠬᠠᠮᠰᠠᠷ᠎ᠢ ᠳᠡᠭᠡᠭᠰᠢᠯᠡᠭᠦᠯᠦᠨ᠂ ᠬᠠᠮᠲᠤᠷᠠᠨ ᠬᠢᠯᠢ ᠬᠢᠵᠠᠭ᠋ᠠᠷ ᠣᠷᠣᠨ᠎ᠢ ᠬᠠᠮᠢᠶᠠᠷᠬᠤ᠂ ᠬᠢᠯᠢ ᠬᠢᠵᠠᠭ᠋ᠠᠷ ᠣᠷᠣᠨ᠎ᠢ ᠡᠵᠡᠮᠳᠡᠬᠦ᠂ ᠬᠢᠯᠢ ᠬᠢᠵᠠᠭ᠋ᠠᠷ ᠣᠷᠣᠨ᠎ᠢ ᠵᠠᠰᠠᠬᠤ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠯ᠎ᠲᠠᠢ ᠬᠢᠯᠢ ᠬᠢᠵᠠᠭ᠋ᠠᠷ᠎ᠤᠨ ᠣᠷᠴᠢᠨ ᠨᠥᠬᠥᠴᠡᠯ᠎ᠢ ᠬᠠᠮᠲᠤ᠎ᠪᠠᠷ ᠪᠣᠶ ᠪᠣᠯᠭ᠋ᠠᠬᠤ᠎ᠳᠤ ᠰᠠᠭᠤᠷᠢ ᠲᠠᠯᠪᠢᠵᠤ ᠥᠭᠪᠡ᠃

 

 

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ