ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠯᠪᠠᠰᠤᠷᠠᠯ
ᠲᠤᠯᠤᠨ ᠨᠠᠭᠤᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠢᠯᠢ ᠵᠢᠨ ᠭᠤᠣᠯ᠎ᠤᠨ ᠴᠠᠬᠢᠯᠭ᠋ᠠᠨ᠎ᠤ ᠦᠢ᠍ᠯᠡᠰ᠎ᠤᠨ ᠲᠣᠪᠴᠢᠶ᠎ᠠ᠎ᠲᠠᠢ ᠬᠠᠮᠲᠤᠷᠠᠨ ᠰᠦᠷᠳᠡᠭᠦᠯᠦᠯ᠎ᠢ ᠡᠰᠡᠷᠭᠦᠴᠡᠬᠦ ᠳᠡᠯᠪᠡᠷᠡᠯᠲᠡ ᠵᠢ ᠰᠡᠷᠭᠡᠶ᠋ᠢᠯᠡᠬᠦ ᠰᠣᠷᠢᠯᠲᠠ ᠬᠢᠪᠡ
ᠨᠡᠶ᠋ᠢᠲᠡᠯᠡᠭᠰᠡᠨ ᠴᠠᠭ᠄ 2023-11-20

    11 ᠳ᠋ᠦ᠍ᠭᠡᠷ ᠰᠠᠷ᠎ᠠ ᠵᠢᠨ 15᠎ᠤ ᠡᠳᠦᠷ᠂ ᠰᠢᠯᠢ ᠵᠢᠨ ᠭᠣᠤᠯ ᠠᠢ᠌ᠮᠠᠭ᠎ᠤᠨ ᠲᠤᠯᠤᠨ ᠨᠠᠭᠤᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠳᠣᠪᠴᠢᠶ᠎ᠠ ᠰᠢᠯᠢ ᠵᠢᠨ ᠭᠤᠣᠯ᠎ᠤᠨ ᠴᠠᠬᠢᠯᠭ᠋ᠠᠨ᠎ᠤ ᠦᠢ᠍ᠯᠡᠰ᠎ᠤᠨ ᠳᠣᠪᠴᠢᠶ᠎ᠠ᠎ᠲᠠᠢ ᠬᠠᠮᠲᠤᠷᠠᠨ ᠰᠦᠷᠳᠡᠭᠦᠯᠦᠯ᠎ᠢ ᠡᠰᠡᠷᠭᠦᠴᠡᠬᠦ ᠳᠡᠯᠪᠡᠷᠡᠯᠲᠡ ᠵᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠬᠢᠵᠡᠢ᠃

多伦县公安局联合锡林郭勒电业局开展反恐防爆演练.jpg  


      ᠰᠣᠷᠢᠯᠲᠠ᠎ᠳᠤ 《ᠮᠠᠭᠤ ᠡᠲᠡᠭᠡᠳ》᠎ᠢ ᠳᠠᠭᠤᠷᠢᠶᠠᠭᠰᠠᠨ ᠨᠢᠭᠡ ᠬᠦᠮᠦᠨ ᠴᠠᠬᠢᠯᠭ᠋ᠠᠨ᠎ᠤ ᠦᠢ᠍ᠯᠡᠰ᠎ᠤᠨ ᠲᠣᠪᠴᠢᠶᠠᠨ᠎ᠤ ᠬᠦᠷᠢᠶᠡᠨ᠎ᠳᠤ ᠬᠦᠴᠦᠷᠬᠡᠭᠯᠡᠨ ᠣᠷᠣᠵᠤ ᠬᠠᠷᠭᠢᠰᠯᠠᠨ ᠴᠣᠬᠢᠵᠤ ᠪᠠᠯᠪᠠᠴᠢᠵᠤ᠂ ᠴᠠᠬᠢᠯᠭ᠋ᠠᠨ᠎ᠤ ᠦᠢ᠍ᠯᠡᠰ᠎ᠤᠨ ᠲᠣᠪᠴᠢᠶᠠᠨ᠎ᠤ ᠠᠮᠤᠷ᠎ᠢ ᠬᠠᠮᠠᠭ᠋ᠠᠯᠠᠬᠤ ᠠᠵᠢᠯᠲᠠᠨ 《ᠮᠠᠭᠤ ᠡᠲᠡᠭᠡᠳ》᠎ᠲᠠᠢ ᠡᠰᠡᠷᠭᠦᠴᠡᠯᠳᠦᠬᠦ ᠵᠢᠨ ᠬᠠᠮᠲᠤ ᠲᠡᠷᠡ ᠳᠠᠷᠤᠶ᠎ᠳᠤ᠎ᠨᠢ 110 ᠤᠲᠠᠰᠤ᠎ᠪᠠᠷ ᠲᠥᠭᠰᠢᠭᠦᠷᠢ ᠮᠡᠳᠡᠭᠦᠯᠪᠡ᠃ ᠮᠡᠳᠡᠭᠦᠯᠦᠯᠳᠡ ᠵᠢ ᠣᠯᠤᠭᠰᠠᠨ᠎ᠤ ᠳᠠᠷᠠᠭ᠎ᠠ ᠠᠷᠠᠳ᠎ᠤᠨ ᠴᠠᠭᠳᠠᠭ᠎ᠠ ᠭᠠᠭᠴᠠ ᠴᠠᠭᠳᠠᠭ᠋ᠠᠨ᠎ᠤ ᠲᠣᠨᠣᠭᠯᠠᠯ ᠪᠣᠯᠤᠨ ᠳᠡᠯᠪᠡᠷᠡᠯᠲᠡ ᠵᠢ ᠰᠡᠷᠭᠡᠶ᠋ᠢᠯᠡᠬᠦ ᠪᠠᠮᠪᠠᠶ᠂ ᠳᠡᠯᠪᠡᠷᠡᠯᠲᠡ ᠵᠢ ᠰᠡᠷᠭᠡᠶ᠋ᠢᠯᠡᠬᠦ ᠲᠡᠮᠦᠷ ᠰᠡᠷᠡᠭᠡ ᠵᠡᠷᠭᠡ ᠪᠠᠭ᠋ᠠᠵᠢ ᠬᠡᠷᠡᠭᠰᠡᠯ ᠵᠶ᠋ᠠᠨ ᠠᠪᠴᠤ ᠲᠤᠬᠠᠶ ᠵᠢᠨ ᠲᠠᠯᠠᠪᠠᠶ᠎ᠳᠤ ᠬᠦᠷᠴᠦ᠂ ᠯᠠᠪᠳᠠᠭᠤᠨ ᠪᠠᠲᠤᠲᠠᠶ ᠴᠠᠭᠳᠠᠭ᠋ᠠᠨ᠎ᠤ ᠶᠠᠪᠤᠳᠠᠯ᠎ᠤᠨ ᠮᠡᠷᠭᠡᠵᠢᠯ ᠪᠣᠯᠤᠨ ᠪᠠᠶ᠋ᠢᠯᠳᠤᠬᠤ ᠠᠷᠭ᠎ᠠ᠎ᠳᠤ ᠲᠦᠰᠢᠭᠯᠡᠨ᠂ 《ᠯᠠᠪᠳᠠᠭᠤᠨ᠂ ᠣᠨᠣᠪᠴᠢᠲᠠᠶ᠂ ᠬᠦᠴᠦᠲᠡᠶ》 ᠴᠣᠬᠢᠯᠲᠠ ᠥᠭᠬᠦ ᠠᠷᠭ᠎ᠠ᠎ᠪᠠᠷ 《ᠮᠠᠭᠤ ᠡᠲᠡᠭᠡᠳ》᠎ᠢ ᠦᠳᠲᠡᠷ ᠲᠦᠷᠭᠡᠨ ᠵᠶ᠋ᠠᠷ ᠨᠣᠮᠣᠬᠠᠳᠬᠠᠵᠤ᠂ ᠴᠠᠬᠢᠯᠭ᠋ᠠᠨ ᠬᠦᠴᠦᠨ᠎ᠤ ᠲᠥᠬᠦᠭᠡᠷᠦᠮᠵᠢ ᠵᠢ ᠡᠪᠳᠡᠭᠰᠡᠨ ᠬᠡᠷᠡᠭ ᠭᠠᠷᠬᠤ ᠵᠢ ᠴᠠᠭ ᠲᠤᠬᠠᠶ᠎ᠳᠤ᠎ᠨᠢ ᠬᠤᠷᠢᠭᠯᠠᠨ ᠵᠣᠭᠰᠣᠭ᠋ᠠᠪᠠ᠃

     ᠠᠮᠤᠷ ᠲᠦᠪᠰᠢᠨ ᠪᠠᠶ᠋ᠢᠬᠤ ᠦᠶ᠎ᠡ᠎ᠳᠤ᠎ᠪᠠᠨ ᠠᠶᠤᠯ ᠲᠦᠭᠰᠢᠭᠦᠷᠢ ᠵᠢ ᠪᠣᠳᠣᠯᠬᠢᠯᠠᠵᠤ᠂ ᠬᠡᠷᠡᠭ ᠶᠠᠪᠤᠳᠠᠯ᠎ᠢ ᠪᠠᠭ᠎ᠠ ᠳᠡᠭᠡᠷ᠎ᠡ᠎ᠨᠢ ᠰᠡᠷᠭᠡᠶ᠋ᠢᠯᠡᠨ᠎ᠡ᠃ ᠲᠣᠰ ᠤᠳᠠᠭ᠋ᠠᠨ᠎ᠤ ᠰᠦᠷᠳᠡᠭᠦᠯᠦᠯ ᠬᠦᠴᠦᠷᠬᠡᠭᠯᠡᠯ᠎ᠢ ᠰᠡᠷᠭᠡᠶ᠋ᠢᠯᠡᠬᠦ ᠰᠣᠷᠢᠯᠲᠠ᠎ᠪᠠᠷ ᠳᠠᠮᠵᠢᠭᠤᠯᠤᠨ᠂ ᠴᠠᠬᠢᠯᠭ᠋ᠠᠨ ᠬᠦᠴᠦᠨ᠎ᠤ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ ᠵᠢᠴᠢ ᠰᠦᠷᠳᠡᠭᠦᠯᠦᠯ᠎ᠢ ᠡᠰᠡᠷᠭᠦᠴᠡᠬᠦ ᠳᠡᠯᠪᠡᠷᠡᠯᠲᠡ ᠵᠢ ᠰᠡᠷᠭᠡᠶ᠋ᠢᠯᠡᠬᠦ᠂ ᠥᠪᠡᠷ᠎ᠢ᠎ᠪᠠᠨ ᠠᠪᠤᠷᠠᠬᠤ᠂ ᠬᠠᠮᠲᠤᠷᠠᠨ ᠠᠵᠢᠯᠯᠠᠬᠤ ᠤᠬᠠᠮᠰᠠᠷ ᠪᠣᠯᠤᠨ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠠᠶ᠋ᠢᠪᠤᠩ ᠡᠶ᠎ᠡ ᠵᠣᠬᠢᠴᠠᠯ᠎ᠲᠠᠢ ᠨᠡᠶ᠋ᠢᠭᠡᠮ᠎ᠤᠨ ᠠᠮᠤᠷ ᠲᠦᠪᠰᠢᠨ ᠣᠷᠴᠢᠨ ᠨᠥᠬᠦᠴᠡᠯ᠎ᠢ ᠪᠣᠶ ᠪᠣᠯᠭ᠋ᠠᠬᠤ᠎ᠳᠤ ᠪᠠᠲᠤ ᠪᠠᠬᠢ ᠰᠠᠭᠤᠷᠢ ᠵᠢ ᠲᠠᠯᠪᠢᠪᠠ᠃

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ