ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠯᠪᠠᠰᠤᠷᠠᠯ
ᠲᠤᠯᠤᠨ ᠨᠠᠭᠤᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠪᠦᠬᠦ ᠨᠠᠮ᠎ᠤᠨ ᠭᠡᠰᠢᠭᠦᠨ ᠺᠠᠳ᠋ᠷᠴᠤᠳ ᠵᠶ᠋ᠡᠨ ᠵᠣᠬᠢᠶᠠᠨ ᠪᠠᠶ᠋ᠢᠭᠤᠯᠵᠤ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠦᠵᠡᠭᠦᠯᠪᠡ
ᠨᠡᠶ᠋ᠢᠲᠡᠯᠡᠭᠰᠡᠨ ᠴᠠᠭ᠄ 2023-12-14

    12 ᠳ᠋ᠤᠭ᠋ᠠᠷ ᠰᠠᠷ᠎ᠠ ᠵᠢᠨ 6᠎ᠤ ᠡᠳᠦᠷ᠂ ᠠᠷᠢᠭᠤᠨ ᠴᠢᠬᠡᠴᠢ ᠰᠣᠶᠣᠯ᠎ᠤᠨ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ 《ᠵᠠᠭᠤᠨ ᠡᠳᠦᠷ᠎ᠤᠨ ᠪᠣᠭᠣᠮᠲᠠ ᠰᠢᠪᠲᠤᠯᠬᠤ》 ᠠᠵᠢᠯᠯᠠᠭ᠎ᠠ᠎ᠲᠠᠢ ᠤᠶᠠᠯᠳᠤᠭᠤᠯᠵᠤ᠂ ᠰᠢᠯᠢ ᠵᠢᠨ ᠭᠣᠤᠯ ᠠᠢ᠌ᠮᠠᠭ᠎ᠤᠨ ᠲᠤᠯᠤᠨ ᠨᠠᠭᠤᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ 《ᠰᠡᠷᠡᠮᠵᠢ ᠵᠢᠨ ᠬᠤᠩᠬᠤ》᠂ 《ᠰᠡᠷᠭᠡᠶ᠋ᠢᠯᠡᠯᠲᠡ ᠵᠢ ᠡᠪᠳᠡᠬᠦ》 ᠵᠢ ᠵᠣᠬᠢᠶᠠᠨ ᠪᠠᠶ᠋ᠢᠭᠤᠯᠤᠨ ᠦᠵᠡᠵᠦ᠂ ᠪᠦᠬᠦ ᠨᠠᠮ᠎ᠤᠨ ᠭᠡᠰᠢᠭᠦᠨ ᠺᠠᠳ᠋ᠷ ᠨᠡᠢ᠍ᠢ᠍ᠳᠡ 150 ᠭᠠᠷᠤᠢ ᠬᠥᠮᠦᠨ ᠠᠵᠢᠯᠯᠠᠭ᠎ᠠ᠎ᠳᠤ ᠣᠷᠣᠯᠴᠠᠪᠠ᠃

观看警示教育片.jpg  


     ᠺᠢᠨᠣ᠋᠎ᠳᠤ ᠰᠢᠩᠭᠡᠭᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠳᠤ᠂ ᠲᠤᠬᠠᠶ ᠵᠢᠨ ᠬᠥᠮᠦᠨ ᠬᠡᠷᠡᠭ ᠵᠶ᠋ᠠᠷ ᠰᠠᠬᠢᠯᠭ᠎ᠠ ᠪᠠᠲᠤ ᠪᠠ ᠬᠠᠤᠯᠢ ᠴᠠᠭ᠋ᠠᠵᠠ ᠵᠢ ᠶᠠᠷᠢᠵᠤ᠂ ᠥᠪᠡᠷ᠎ᠤᠨ ᠠᠰᠢᠭ ᠲᠤᠰᠠ ᠵᠢᠨ ᠡᠮᠦᠨ᠎ᠡ ᠠᠭ᠋ᠠᠵᠢᠮ ᠵᠶ᠋ᠠᠷ ᠬᠦᠰᠡᠯᠡᠩ ᠢᠲᠡᠭᠡᠯ ᠪᠢᠰᠢᠷᠡᠯ ᠵᠶ᠋ᠠᠨ ᠠᠯᠳᠠᠵᠤ᠂ ᠵᠥᠪ ᠶᠢᠷᠲᠢᠨᠴᠦ ᠵᠢᠨ ᠦᠵᠡᠯᠲᠡ᠂ ᠠᠮᠢᠳᠤᠷᠠᠬᠤᠶ ᠵᠢᠨ ᠦᠵᠡᠯᠲᠡ᠎ᠪᠠᠨ ᠲᠠᠶᠠᠭᠳᠠᠭᠰᠠᠨ ᠵᠶ᠋ᠠᠨ ᠭᠦᠨᠵᠡᠭᠡᠶ ᠵᠠᠳᠠᠯᠤᠨ ᠰᠢᠨᠵᠢᠯᠡᠵᠦ᠂ ᠠᠰᠢᠭ ᠲᠤᠰᠠ ᠵᠢᠨ ᠥᠳᠥᠭᠡᠯᠭᠡ ᠵᠢ ᠬᠣᠷᠢᠭᠯᠠᠵᠤ ᠳᠡᠶ᠋ᠢᠯᠬᠦ ᠦᠭᠡᠢ᠂ ᠠᠯᠬᠤᠮ ᠠᠯᠬᠤᠮ ᠵᠶ᠋ᠠᠷ ᠰᠠᠬᠢᠯᠭ᠎ᠠ ᠪᠠᠲᠤ ᠵᠢ ᠵᠥᠷᠢᠴᠡᠵᠦ ᠬᠠᠤᠯᠢ ᠴᠠᠭ᠋ᠠᠵᠠ ᠵᠢ ᠵᠥᠷᠢᠴᠡᠭᠰᠡᠨ ᠵᠠᠮ ᠵᠶ᠋ᠠᠷ ᠵᠠᠮᠨᠠᠵᠤ᠂ ᠡᠴᠦᠰ᠎ᠲᠤ᠎ᠪᠠᠨ ᠬᠠᠤᠯᠢ ᠴᠠᠭ᠋ᠠᠵᠠ ᠵᠢᠨ ᠴᠢᠩᠭ᠎ᠠ ᠰᠢᠢ᠍ᠳᠭᠡᠯ᠎ᠢ ᠣᠯᠵᠤ᠂ ᠲᠦᠢ᠍ᠯ ᠵᠶ᠋ᠡᠷ ᠭᠡᠮᠰᠢᠪᠡ᠃ ᠠᠯᠢ ᠤᠯᠠᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠨᠦᠭᠦᠳ᠎ᠨᠢ ᠬᠥᠮᠦᠰ᠎ᠢ ᠰᠣᠴᠢᠭ᠋ᠠᠮ᠎ᠠ ᠬᠡᠮᠵᠢᠶᠡᠨ᠎ᠳᠤ ᠬᠦᠷᠭᠡᠵᠦ᠂ ᠬᠥᠮᠦᠰ᠎ᠢ ᠭᠦᠨ ᠰᠡᠳᠬᠢᠭᠦᠯᠳᠡᠭ᠃

     ᠺᠢᠨᠣ᠋ ᠵᠢ ᠦᠵᠡᠭᠰᠡᠨ᠎ᠤ ᠲᠠᠷᠠᠭ᠎ᠠ᠂ ᠤᠯᠠᠨ ᠵᠶ᠋ᠠᠷ ᠵᠶ᠋ᠠᠨ᠂ ᠬᠠᠤᠯᠢ ᠰᠠᠬᠢᠯᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠨ᠂ ᠤᠯᠠᠭ᠋ᠠᠨ ᠱᠤᠭᠤᠮ᠂ ᠬᠣᠷᠢᠭ᠎ᠠ ᠱᠤᠭᠤᠮ᠎ᠢ ᠪᠠᠲᠤ ᠰᠠᠬᠢᠵᠤ᠂ ᠴᠠᠭ ᠢᠮᠠᠭᠲᠠ ᠥᠪᠡᠷ᠎ᠢ᠎ᠪᠠᠨ ᠰᠡᠷᠡᠮᠵᠢᠯᠡᠭᠦᠯᠵᠦ᠂ ᠬᠣᠪᠳᠣᠭ ᠰᠢᠨᠤᠬᠠᠢ ᠵᠢᠨ ᠬᠣᠣᠷ ᠬᠥᠨᠥᠭᠡᠯ᠎ᠢ ᠦᠷᠭᠦᠯᠵᠢ ᠪᠣᠳᠣᠯᠬᠢᠯᠠᠵᠤ᠂ ᠪᠡᠶ᠎ᠡ᠎ᠪᠠᠨ ᠪᠠᠷᠢᠬᠤ ᠰᠡᠳᠬᠢᠯᠭᠡ ᠵᠢ ᠦᠷᠭᠦᠯᠵᠢ ᠡᠪᠦᠷᠯᠡᠵᠦ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠵᠦ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠵᠢ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃ ᠬᠣᠶ᠋ᠢᠰᠢᠳᠠ ᠵᠢᠨ ᠠᠵᠢᠯ ᠳᠤᠮᠳᠠ᠎ᠪᠠᠨ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠤᠬᠠᠮᠰᠠᠷ᠎ᠠᠴᠠ᠎ᠪᠠᠨ ᠨᠠᠮ᠎ᠤᠨ ᠰᠠᠬᠢᠯᠭ᠎ᠠ ᠪᠠᠲᠤ ᠬᠠᠤᠯᠢ ᠲᠣᠭᠲᠠᠭ᠋ᠠᠯ ᠪᠠ ᠴᠠᠭᠳᠠᠭ᠎ᠠ ᠵᠢᠨ ᠵᠠᠷᠯᠢᠭ ᠴᠠᠭᠳᠠᠭ᠎ᠠ ᠵᠢᠨ ᠰᠠᠬᠢᠯᠭ᠎ᠠ ᠵᠢ ᠵᠢᠷᠤᠮᠯᠠᠵᠤ᠂ ᠠᠷᠠᠳ᠎ᠤᠨ ᠲᠥᠯᠥᠭᠡ ᠵᠢᠳᠬᠦᠬᠦ ᠤᠤᠷ ᠴᠢᠨᠠᠷ ᠵᠶ᠋ᠠᠨ ᠡᠭᠦᠷᠢᠳᠡ ᠬᠠᠳᠠᠭ᠋ᠠᠯᠠᠵᠤ᠂ ᠨᠠᠮ᠎ᠳᠤ᠎ᠪᠠᠨ ᠦᠨᠡᠨᠴᠢ ᠰᠢᠳᠤᠷᠭᠤ᠂ ᠠᠷᠠᠳ ᠲᠦᠮᠡᠨ᠎ᠳᠤ ᠦᠢ᠍ᠯᠡᠴᠢᠯᠡᠬᠦ᠂ ᠲᠥᠪ ᠭᠣᠣᠯᠴᠢ᠎ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠲᠣᠳᠣᠷᠬᠠᠢ ᠳᠣᠲᠣᠭ᠋ᠠᠳᠤ ᠵᠢ ᠬᠠᠮᠠᠭ᠋ᠠᠯᠠᠬᠤ ᠲᠡᠮᠤᠷ ᠴᠡᠷᠢᠭ᠎ᠢ ᠪᠠᠢ᠌ᠭᠤᠯᠰᠤᠭ᠋ᠠᠢ᠃

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ