12 ᠳ᠋ᠤᠭ᠋ᠠᠷ ᠰᠠᠷ᠎ᠠ ᠵᠢᠨ 8᠎ᠤ ᠡᠳᠦᠷ᠂ ᠰᠢᠯᠢ ᠵᠢᠨ ᠭᠣᠤᠯ ᠠᠢ᠌ᠮᠠᠭ᠎ᠤᠨ ᠰᠥᠨᠢᠳ ᠪᠠᠷᠠᠭᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠦᠷᠳᠡᠭᠦᠯᠦᠯ᠎ᠢ ᠡᠰᠡᠷᠭᠦᠴᠡᠬᠦ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ 《ᠤᠯᠠᠭ᠋ᠠᠨ ᠬᠥᠬᠡ ᠵᠢᠨ ᠡᠰᠡᠷᠭᠦᠴᠡᠯᠳᠦᠯ》᠎ᠤᠨ ᠳᠠᠢ᠌ᠴᠢᠯᠠᠬᠤ ᠰᠣᠷᠢᠯᠲᠠ ᠵᠢᠴᠢ ᠰᠦᠷᠳᠡᠭᠦᠯᠦᠯ᠎ᠢ ᠡᠰᠡᠷᠭᠦᠴᠡᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ᠃

ᠰᠣᠷᠢᠯᠲᠠ ᠵᠢᠨ ᠲᠤᠬᠠᠢ ᠵᠢᠨ ᠲᠠᠯᠠᠪᠠᠢ᠎ᠳᠤ᠂ ᠣᠨᠴᠠ ᠲᠥᠷᠦᠯ᠎ᠤᠨ ᠴᠠᠭᠳᠠᠭ᠎ᠠ ᠵᠢᠨ ᠭᠠᠪᠰᠢᠭ᠋ᠠᠢ ᠠᠩᠭᠢ ᠵᠢᠨ ᠪᠠᠢ᠌ᠯᠳᠤᠬᠤ ᠠᠷᠭ᠎ᠠ ᠵᠢᠨ ᠡᠩᠨᠡᠭᠡ ᠵᠢᠨ ᠰᠣᠷᠢᠯᠲᠠ ᠪᠠ 《ᠤᠯᠠᠭ᠋ᠠᠨ ᠬᠥᠬᠡ ᠵᠢᠨ ᠡᠰᠡᠷᠭᠦᠴᠡᠯᠳᠦᠯ》᠎ᠤᠨ ᠳᠠᠢ᠌ᠴᠢᠯᠠᠬᠤ ᠰᠣᠷᠢᠯᠲᠠ ᠲᠡᠰ ᠳᠠᠷᠠᠭ᠋ᠠᠯᠠᠨ ᠶᠠᠪᠤᠭᠳᠠᠪᠠ᠃ ᠲᠣᠰ ᠤᠳᠠᠭ᠋ᠠᠨ᠎ᠤ ᠰᠣᠷᠢᠯᠲᠠ᠎ᠳᠤ
《ᠪᠣᠳᠠᠲᠤ ᠪᠠᠢ᠌ᠯᠳᠤᠭ᠋ᠠᠨ᠎ᠤ ᠲᠣᠭᠣᠷᠢᠨ᠎ᠳᠤ᠂ ᠪᠣᠳᠠᠲᠤ ᠪᠠᠢ᠌ᠯᠳᠤᠭ᠋ᠠᠨ᠎ᠲᠠᠢ ᠨᠢᠭᠲᠠ ᠤᠶᠠᠯᠳᠤᠭᠤᠯᠬᠤ》᠎ᠪᠠᠷ ᠶᠡᠷᠦᠩᠬᠡᠢ ᠱᠠᠭ᠋ᠠᠷᠳᠠᠯᠭ᠎ᠠ ᠪᠣᠯᠭ᠋ᠠᠵᠤ᠂ ᠪᠠᠢ᠌ᠯᠳᠤᠬᠤ ᠠᠷᠭ᠎ᠠ ᠵᠢᠨ ᠳᠤᠭᠤᠢ᠌ᠯᠠᠩ᠎ᠤᠨ ᠡᠩᠨᠡᠭᠡ ᠵᠢᠨ ᠰᠣᠷᠢᠯᠲᠠ᠂ ᠰᠦᠷᠳᠡᠭᠦᠯᠦᠯ᠎ᠢ ᠡᠰᠡᠷᠭᠦᠴᠡᠬᠦ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠰᠣᠷᠢᠯᠲᠠ᠂ ᠰᠦᠷᠳᠡᠭᠦᠯᠦᠯ᠎ᠢ ᠡᠰᠡᠷᠭᠦᠴᠡᠬᠦ ᠤᠬᠠᠭᠤᠯᠭ᠎ᠠ᠂ ᠵᠡᠪᠰᠡᠭ ᠲᠣᠨᠣᠭᠯᠠᠯ ᠪᠠᠭ᠋ᠠᠵᠢ ᠬᠡᠷᠡᠭᠰᠡᠯ᠎ᠤᠨ ᠦᠵᠡᠭᠦᠯᠦᠯᠭᠡ ᠵᠡᠷᠭᠡ 4 ᠭᠣᠭᠴᠣᠭ᠎ᠠ ᠵᠢ ᠲᠣᠬᠢᠷᠠᠭᠤᠯᠪᠠ᠃ ᠴᠠᠭᠳᠠᠭᠤᠯ᠎ᠤᠨ ᠪᠠᠢ᠌ᠳᠠᠯ᠎ᠢ ᠳᠠᠭᠤᠷᠢᠶᠠᠵᠤ᠂ ᠪᠣᠳᠠᠲᠠᠢ ᠪᠠᠢ᠌ᠯᠳᠤᠭ᠋ᠠᠨ᠎ᠤ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ᠎ᠲᠠᠢ ᠤᠶᠠᠯᠳᠤᠭᠤᠯᠤᠨ᠂ ᠣᠨᠴᠠ ᠲᠥᠷᠦᠯ᠎ᠤᠨ ᠴᠠᠭᠳᠠᠭ᠎ᠠ ᠵᠢᠨ ᠠᠩᠭᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠪᠠ ᠬᠠᠮᠤᠭ᠎ᠤᠨ ᠪᠠᠭ᠎ᠠ ᠪᠠᠢ᠌ᠯᠳᠤᠭ᠋ᠠᠨ᠎ᠤ ᠨᠢᠭᠡᠴᠢ ᠵᠢᠨ ᠲᠤᠬᠠᠢ ᠵᠢᠨ ᠲᠠᠯᠠᠪᠤᠷ᠎ᠲᠤ ᠵᠢᠯᠣᠭᠣᠳᠤᠨ ᠰᠢᠢ᠍ᠳᠪᠦᠷᠢᠯᠡᠬᠦ ᠴᠢᠳᠠᠪᠤᠷᠢ ᠵᠢᠨ ᠬᠢᠷᠢ ᠲᠦᠪᠰᠢᠨ᠎ᠢ ᠪᠥᠬᠥ ᠳᠠᠯ᠎ᠠ᠎ᠪᠠᠷ ᠬᠢᠨᠠᠨ ᠰᠢᠯᠭ᠋ᠠᠪᠠ᠃
ᠰᠣᠷᠢᠯᠲᠠ ᠵᠢᠨ ᠳᠠᠷᠠᠭ᠎ᠠ᠂ ᠰᠦᠷᠳᠡᠭᠦᠯᠦᠯ᠎ᠢ ᠡᠰᠡᠷᠭᠦᠴᠡᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠲᠤᠬᠠᠢ ᠵᠢᠨ ᠲᠠᠯᠠᠪᠤᠷ᠎ᠲᠤ ᠤᠬᠠᠭᠤᠯᠭ᠎ᠠ ᠵᠢᠨ ᠵᠢᠷᠤᠭ᠎ᠢ ᠳᠡᠯᠭᠡᠨ ᠦᠵᠡᠭᠦᠯᠦᠭᠰᠡᠨ ᠪᠥᠭᠡᠳ ᠤᠯᠠᠨ ᠲᠦᠮᠡᠨ᠎ᠳᠤ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠦᠷᠳᠡᠭᠦᠯᠬᠦ ᠦᠵᠡᠯ᠎ᠢ ᠡᠰᠡᠷᠭᠦᠴᠡᠬᠦ ᠬᠠᠤᠯᠢ》 ᠵᠡᠷᠭᠡ ᠲᠠᠯ᠎ᠠ ᠵᠢᠨ ᠤᠬᠠᠭᠤᠯᠭ᠎ᠠ ᠵᠢᠨ ᠬᠠᠭᠤᠳᠠᠰᠤ᠂ ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠵᠤ᠂ ᠨᠢᠭᠤᠷᠳᠠᠨ ᠲᠠᠢ᠌ᠯᠪᠤᠷᠢᠯᠠᠬᠤ ᠬᠡᠯᠪᠡᠷᠢ᠎ᠪᠠᠷ ᠰᠦᠷᠳᠡᠭᠦᠯᠦᠯ᠎ᠢ ᠡᠰᠡᠷᠭᠦᠴᠡᠬᠦ ᠬᠠᠤᠯᠢ ᠴᠠᠭ᠋ᠠᠵᠠ ᠵᠢᠨ ᠮᠡᠳᠡᠯᠭᠡ ᠵᠢ ᠤᠬᠠᠭᠤᠯᠤᠨ ᠲᠠᠢ᠌ᠯᠪᠤᠷᠢᠯᠠᠪᠠ᠃ ᠤᠬᠠᠭᠤᠯᠭ᠎ᠠ ᠬᠥᠮᠦᠵᠢᠯ ᠵᠶ᠋ᠡᠷ ᠳᠠᠮᠵᠢᠭᠤᠯᠤᠨ᠂ ᠪᠦᠬᠦ ᠠᠷᠠᠳ᠎ᠤᠨ ᠰᠦᠷᠳᠡᠭᠦᠯᠦᠯ᠎ᠢ ᠡᠰᠡᠷᠭᠦᠴᠡᠬᠦ ᠣᠯᠠᠨ ᠲᠦᠮᠡᠨ᠎ᠤ ᠰᠠᠭᠤᠷᠢ ᠵᠢ ᠪᠣᠳᠠᠲᠠᠢ᠎ᠪᠠᠷ ᠡᠷᠬᠢᠮᠯᠡᠵᠦ᠂ ᠣᠯᠠᠨ ᠲᠦᠮᠡᠨ᠎ᠤ ᠰᠡᠷᠭᠡᠢ᠌ᠯᠡᠬᠦ ᠤᠬᠠᠮᠰᠠᠷ ᠴᠢᠳᠠᠪᠤᠷᠢ ᠵᠢ ᠪᠦᠲᠦᠮᠵᠢᠲᠡᠶ᠎ᠪᠠᠷ ᠳᠡᠭᠡᠭᠰᠢᠯᠡᠭᠦᠯᠵᠦ᠂ 《ᠪᠦᠬᠦ ᠠᠷᠠᠳ ᠵᠶ᠋ᠠᠷ ᠵᠶ᠋ᠠᠨ ᠰᠦᠷᠳᠡᠭᠦᠯᠦᠯ᠎ᠢ ᠡᠰᠡᠷᠭᠦᠴᠡᠬᠦ᠂ ᠪᠦᠬᠦ ᠠᠷᠠᠳ ᠵᠶ᠋ᠠᠷ ᠵᠶ᠋ᠠᠨ ᠰᠦᠷᠳᠡᠭᠦᠯᠦᠯ᠎ᠢ ᠰᠡᠷᠭᠡᠢ᠌ᠯᠡᠬᠦ》 ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠶ ᠪᠣᠯᠭ᠋ᠠᠪᠠ᠃

ᠲᠤᠰ ᠤᠳᠠᠭ᠋ᠠᠨ᠎ᠤ ᠰᠦᠷᠳᠡᠭᠦᠯᠦᠯ᠎ᠢ ᠡᠰᠡᠷᠭᠦᠴᠡᠵᠦ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠰᠣᠷᠢᠯᠲᠠ ᠪᠠ ᠤᠬᠠᠭᠤᠯᠭ᠎ᠠ ᠬᠥᠮᠦᠵᠢᠯ ᠵᠶ᠋ᠡᠷ ᠲᠣᠬᠢᠶᠠᠯ ᠪᠣᠯᠭ᠋ᠠᠵᠤ᠂ ᠬᠦᠴᠦᠷᠬᠡᠭᠯᠡᠯ ᠰᠦᠷᠳᠡᠭᠦᠯᠦᠯ᠎ᠤᠨ ᠬᠡᠷᠡᠭ᠎ᠢ ᠰᠢᠢ᠍ᠳᠪᠦᠷᠢᠯᠡᠬᠦ ᠰᠣᠷᠢᠯᠲᠠ ᠵᠢᠨ ᠲᠤᠷᠰᠢᠯᠭ᠎ᠠ ᠵᠢ ᠨᠠᠷᠢᠨ ᠬᠢᠨᠠᠮᠠᠭ᠋ᠠᠢ ᠰᠤᠳᠤᠯᠤᠨ ᠳ᠋ᠦᠩᠨᠡᠵᠦ᠂ ᠣᠳᠣᠬᠠᠨ᠎ᠤ ᠠᠮᠤᠷ ᠲᠦᠪᠰᠢᠨ᠎ᠤ ᠪᠠᠢ᠌ᠳᠠᠯ᠎ᠢ ᠦᠨᠳᠦᠰᠦᠯᠡᠨ᠂ ᠰᠤᠷᠭ᠋ᠠᠭᠤᠯᠢᠯᠠᠯ᠎ᠤᠨ ᠭᠣᠣᠯᠳᠠᠯᠭ᠎ᠠ᠎ᠲᠠᠢ ᠬᠢᠴᠢᠶᠡᠯ ᠲᠥᠷᠥᠯ᠎ᠳᠤ ᠴᠠᠭ ᠲᠤᠬᠠᠢᠳᠤᠨᠢ ᠲᠣᠬᠢᠷᠠᠭᠤᠯᠤᠯᠲᠠ ᠬᠢᠵᠦ᠂ ᠲᠤᠬᠠᠢ ᠵᠢᠨ ᠲᠠᠯᠠᠪᠤᠷ᠎ᠤᠨ ᠡᠰᠡᠷᠭᠦᠴᠡᠯᠳᠦᠯ᠎ᠢ ᠴᠢᠩᠭ᠋ᠠᠳᠬᠠᠨ᠂ ᠪᠣᠳᠠᠲᠤ ᠪᠠᠢ᠌ᠯᠳᠤᠭ᠋ᠠᠨ᠎ᠤ ᠴᠡᠷᠢᠭ᠎ᠤᠨ ᠰᠤᠷᠭ᠋ᠠᠭᠤᠯᠢᠯᠠᠯ᠎ᠢ 《ᠵᠢᠷᠤᠮᠵᠢᠭᠰᠠᠨ᠂ ᠰᠢᠨᠵᠢᠯᠡᠬᠦ ᠤᠬᠠᠭ᠋ᠠᠨᠴᠢᠯᠠᠭᠰᠠᠨ᠂ ᠬᠡᠷᠡᠭᠯᠡᠬᠡᠡᠴᠢᠯᠡᠭᠰᠡᠨ》 ᠴᠢᠭᠯᠡᠯ ᠵᠶ᠋ᠡᠷ ᠤᠷᠤᠭᠰᠢᠯᠠᠭᠤᠯᠵᠤ᠂ ᠪᠠᠢ᠌ᠯᠳᠤᠬᠤ ᠠᠷᠭ᠎ᠠ ᠵᠢᠨ ᠤᠷ᠎ᠠ ᠴᠢᠳᠠᠪᠤᠷᠢ ᠵᠢ ᠤᠯᠠᠮ ᠨᠢᠭᠡ ᠠᠯᠬᠤᠮ ᠵᠢᠷᠤᠮᠵᠢᠭᠤᠯᠤᠨ ᠪᠣᠳᠠᠲᠤ ᠪᠠᠢ᠌ᠯᠳᠤᠭ᠋ᠠᠨ᠎ᠳᠤ ᠬᠡᠷᠡᠭᠯᠡᠵᠦ᠂ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠪᠡᠶᠡᠯᠡᠭᠦᠯᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ᠎ᠳᠤ ᠰᠢᠨ᠎ᠡ ᠬᠤᠪᠢ ᠨᠡᠮᠡᠷᠢ ᠦᠵᠡᠬᠦᠯᠪᠡ᠃