ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠯᠪᠠᠰᠤᠷᠠᠯ
ᠵᠡᠭᠦᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠷᠢᠶ᠎ᠠ ᠣᠷᠣᠨ᠎ᠤ 《ᠭᠤᠷᠪᠠᠨ ᠴᠠᠬᠢᠯᠭ᠋ᠠᠨ》᠂ 《ᠴᠢᠯᠠᠭᠤᠨ ᠲᠣᠰᠣ ᠰᠢᠲᠠᠮᠠᠬᠠᠶ ᠬᠡᠶ ᠵᠢᠨ ᠠᠭᠤᠷᠬᠠᠶ》 ᠵᠢᠨ ᠨᠢᠭᠡᠴᠢ ᠵᠢ ᠵᠣᠬᠢᠶᠠᠨ ᠪᠠᠶ᠋ᠢᠭᠤᠯᠵᠤ ᠪᠣᠳᠠᠲᠤ ᠲᠡᠶ᠋ᠢᠨ᠎ᠤ ᠰᠣᠷᠢᠯᠲᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2023-12-14

      ᠣᠶ᠋ᠢᠷ᠎ᠠ᠎ᠳᠤ᠂ ᠰᠢᠯᠢ ᠵᠢᠨ ᠭᠣᠤᠯ ᠠᠢ᠌ᠮᠠᠭ᠎ᠤᠨ ᠵᠡᠭᠦᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠷᠢᠶᠠᠲᠤ ᠣᠷᠣᠨ᠎ᠤ ᠴᠠᠬᠢᠯᠭ᠋ᠠᠨ ᠬᠠᠩᠭ᠋ᠠᠬᠤ ᠭᠠᠵᠠᠷ᠂ ᠰᠢᠯᠵᠢᠮᠡᠯ ᠺᠣᠮᠫᠠᠨᠢ᠂ ᠲᠣᠰᠣ ᠨᠡᠮᠡᠬᠦ ᠥᠷᠲᠡᠭᠡ ᠵᠡᠷᠭᠡ ᠨᠢᠭᠡᠴᠢ ᠵᠢ ᠵᠣᠬᠢᠶᠠᠨ ᠪᠠᠶ᠋ᠢᠭᠤᠯᠵᠤ ᠬᠦᠴᠦᠷᠬᠡᠭᠯᠡᠯ᠎ᠢ ᠰᠡᠷᠭᠡᠶ᠋ᠢᠯᠡᠬᠦ ᠪᠣᠳᠠᠲᠤ ᠪᠠᠶ᠋ᠢᠯᠳᠤᠭ᠋ᠠᠨ᠎ᠤ ᠰᠣᠷᠢᠯᠲᠠ ᠥᠷᠨᠢᠭᠦᠯᠪᠡ᠃ ᠰᠣᠷᠢᠯᠲᠠ ᠵᠢᠨ ᠠᠭᠤᠯᠭ᠎ᠠ᠎ᠨᠢ ᠣᠨᠣᠯ᠎ᠤᠨ ᠲᠠᠶ᠋ᠢᠯᠪᠤᠷᠢᠯᠠᠯᠲᠠ ᠪᠠ ᠲᠤᠬᠠᠶ ᠵᠢᠨ ᠲᠠᠯᠠᠪᠠᠢ ᠵᠢᠨ ᠪᠣᠳᠠᠲᠠᠶ ᠠᠵᠢᠯᠯᠠᠭ᠎ᠠ ᠬᠤᠶᠠᠷ᠎ᠢ ᠤᠶᠠᠯᠳᠤᠭᠤᠯᠪᠠ᠃

图片1.png  


     ᠰᠣᠷᠢᠯᠲᠠ᠎ᠳᠤ᠂ ᠠᠷᠠᠳ᠎ᠤᠨ ᠴᠠᠭᠳᠠᠭ᠎ᠠ ᠡᠯ᠎ᠡ ᠨᠢᠭᠡᠴᠢ ᠵᠢᠨ ᠠᠵᠢᠯᠲᠠᠨ᠎ᠳᠤ ᠰᠦᠷᠳᠡᠭᠦᠯᠦᠯ᠎ᠢ ᠡᠰᠡᠷᠭᠦᠴᠡᠬᠦ ᠬᠦᠴᠦᠷᠬᠡᠭᠯᠡᠯ᠎ᠢ ᠰᠡᠷᠭᠡᠶ᠋ᠢᠯᠡᠬᠦ ᠮᠡᠳᠡᠯᠭᠡ ᠵᠢᠨ ᠤᠬᠠᠭᠤᠯᠭ᠎ᠠ ᠬᠥᠮᠦᠵᠢᠯ ᠬᠢᠵᠦ᠂ ᠬᠦᠴᠦᠷᠬᠡᠭᠯᠡᠯ᠎ᠤᠨ ᠲᠠᠭ᠋ᠠᠷᠢᠯᠲᠠ ᠵᠢᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠨᠡᠶ᠋ᠢᠭᠡᠮ᠎ᠤᠨ ᠬᠤᠤᠷ ᠬᠥᠨᠥᠭᠡᠯᠲᠦ ᠴᠢᠨᠠᠷ᠂ ᠲᠤᠬᠠᠶ ᠵᠢᠨ ᠲᠠᠯᠠᠪᠠᠶ᠎ᠳᠤ ᠳᠡᠯᠪᠡᠷᠡᠯᠲᠡ ᠵᠢ ᠰᠡᠷᠭᠡᠶ᠋ᠢᠯᠡᠬᠦ ᠪᠠᠮᠪᠠᠶ ᠫᠠᠶ᠋ᠢᠰᠠ᠂ ᠪᠣᠯᠣᠳ ᠰᠡᠷᠡᠭᠡ ᠵᠡᠷᠭᠡ ᠲᠤᠰᠬᠠᠶ ᠬᠡᠷᠡᠭᠯᠡᠭᠡᠨ᠎ᠤ ᠪᠠᠭ᠋ᠠᠵᠢ ᠬᠡᠷᠡᠭᠰᠡᠯ᠎ᠢ ᠵᠥᠪ ᠬᠡᠷᠡᠭᠯᠡᠬᠦ ᠠᠷᠭ᠎ᠠ᠂ ᠠᠩᠬᠠᠷᠬᠤ ᠵᠦᠢ᠍ᠯ ᠪᠠ ᠳᠠᠭ᠋ᠠᠷᠢᠵᠤ ᠰᠡᠷᠭᠡᠶ᠋ᠢᠯᠡᠬᠦ ᠤᠷ᠎ᠠ ᠴᠢᠳᠠᠪᠤᠷᠢ ᠵᠢ ᠭᠤᠤᠯᠳᠠᠯᠭ᠎ᠠ᠎ᠲᠠᠢ ᠲᠠᠨᠢᠯᠴᠠᠭᠤᠯᠵᠤ᠂ ᠲᠤᠬᠠᠶ ᠵᠢᠨ ᠲᠠᠯᠠᠪᠠᠶ᠎ᠳᠤ ᠴᠠᠭᠳᠠᠭ᠋ᠠᠨ᠎ᠤ ᠪᠠᠶ᠋ᠢᠳᠠᠯ᠎ᠢ ᠳᠠᠭᠤᠷᠢᠶᠠᠨ ᠪᠣᠳᠠᠲᠠᠶ ᠠᠵᠢᠯᠯᠠᠭ᠎ᠠ ᠬᠢᠵᠦ᠂ ᠠᠵᠤ ᠠᠬᠤᠶ᠋ᠢᠯᠠᠯ᠎ᠤᠨ ᠠᠵᠢᠯᠲᠠᠨ᠎ᠳᠤ ᠡᠯ᠎ᠡ ᠲᠥᠷᠥᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠤᠷ᠎ᠠ ᠴᠢᠳᠠᠪᠤᠷᠢ ᠵᠢ ᠡᠵᠡᠮᠰᠢᠬᠦ ᠵᠢᠨ ᠴᠢᠬᠤᠯᠠ ᠴᠢᠨᠠᠷ ᠪᠠ ᠵᠠᠶ᠋ᠢᠯᠠᠰᠢ ᠥᠬᠡᠶ ᠴᠢᠨᠠᠷ᠎ᠢ ᠦᠨᠡᠨ ᠬᠦ᠌ ᠲᠠᠨᠢᠯᠴᠠᠭᠤᠯᠪᠠ᠃

 图片3.png 


     ᠲᠣᠰ ᠤᠳᠠᠭ᠋ᠠᠨ᠎ᠤ ᠰᠣᠷᠢᠯᠲᠠ᠎ᠪᠠᠷ ᠳᠠᠮᠵᠢᠭᠤᠯᠤᠨ᠂ 《ᠭᠤᠷᠪᠠᠨ ᠴᠠᠬᠢᠯᠭ᠋ᠠᠨ》᠂ 《ᠴᠢᠯᠠᠭᠤᠨ ᠲᠣᠰᠣ ᠰᠢᠲᠠᠮᠠᠬᠠᠶ ᠬᠡᠶ ᠵᠢᠨ ᠠᠭᠤᠷᠬᠠᠶ》 ᠵᠢᠨ ᠠᠵᠤ ᠠᠬᠤᠶ᠋ᠢᠯᠠᠯ᠎ᠤᠨ ᠠᠶᠤᠯ ᠦᠭᠡᠢ ᠵᠢᠨ ᠬᠠᠮᠠᠭ᠋ᠠᠯᠠᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠠᠵᠢᠯᠲᠠᠨ᠎ᠤ ᠰᠦᠷᠳᠡᠭᠦᠯᠦᠯ᠎ᠢ ᠡᠰᠡᠷᠭᠦᠴᠡᠨ ᠬᠦᠴᠦᠷᠬᠡᠭᠯᠡᠯ᠎ᠢ ᠰᠡᠷᠭᠡᠶ᠋ᠢᠯᠡᠬᠦ ᠦᠵᠡᠯ ᠤᠬᠠᠮᠰᠠᠷ ᠪᠠ ᠭᠡᠨᠡᠳᠲᠡ ᠵᠢᠨ ᠬᠡᠷᠡᠭ ᠲᠣᠬᠢᠶᠠᠯᠳᠤᠪᠠᠯ ᠠᠷᠭ᠋ᠠᠴᠠᠬᠤ ᠴᠢᠳᠠᠪᠤᠷᠢ ᠵᠢ ᠨᠡᠮᠡᠭᠳᠡᠭᠦᠯᠵᠦ᠂ ᠴᠠᠭᠳᠠᠭ᠎ᠠ ᠠᠵᠤ ᠠᠬᠤᠶ᠋ᠢᠯᠠᠯ᠎ᠤᠨ ᠬᠤᠯᠪᠣᠭ᠋ᠠᠯᠠᠨ ᠬᠥᠳᠡᠯᠦᠯᠴᠡᠵᠦ ᠬᠠᠮᠵᠢᠯᠴᠠᠬᠤ ᠴᠢᠳᠠᠪᠤᠷᠢ ᠵᠢ ᠳᠡᠭᠡᠭᠰᠢᠯᠡᠭᠦᠯᠵᠦ᠂ ᠵᠢᠱ᠌ᠢᠭᠰᠡᠨ ᠦᠷ᠎ᠡ ᠪᠦᠲᠦᠮᠵᠢ ᠵᠢ ᠣᠯᠤᠭᠰᠠᠨ ᠪᠠᠢ᠌ᠪᠠ᠃

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ