ᠥᠨᠳᠥᠷ ᠬᠡᠪ ᠪᠣᠯᠪᠠᠰᠤᠷᠠᠯ᠎ᠲᠠᠢ᠂ ᠮᠡᠷᠭᠡᠵᠢᠯ᠎ᠤᠨ ᠴᠢᠳᠠᠪᠤᠷᠢ᠎ᠪᠠᠨ ᠴᠢᠩᠭ᠋ᠠᠳᠬᠠᠬᠤ᠂ ᠰᠠᠬᠢᠯᠭ᠎ᠠ ᠪᠠᠲᠤ᠎ᠪᠠᠨ ᠴᠢᠩᠳᠠᠯᠠᠭᠰᠠᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠪᠰᠤᠷᠤᠭᠴᠢ ᠴᠠᠭᠳᠠᠭ᠎ᠠ ᠵᠢᠨ ᠡᠩᠨᠡᠭᠡ ᠵᠢ ᠪᠠᠶ᠋ᠢᠭᠤᠯᠬᠤ ᠵᠢᠨ ᠲᠥᠯᠥᠭᠡ᠂ 《ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠵᠠᠭᠤᠨ ᠡᠳᠦᠷ᠎ᠤᠨ ᠪᠣᠭᠤᠮᠲᠠ ᠰᠢᠪᠲᠤᠯᠬᠤ ᠠᠵᠢᠯᠯᠠᠭ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ᠎ᠤ ᠬᠠᠮᠢᠶᠠᠷᠤᠯᠲᠠ ᠵᠢᠨ ᠠᠵᠢᠯ᠎ᠢ ᠨᠠᠷᠢᠯᠢᠭᠵᠢᠭᠤᠯᠬᠤ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ ᠰᠢᠯᠢ ᠵᠢᠨ ᠭᠣᠤᠯ ᠠᠢ᠌ᠮᠠᠭ᠎ᠤᠨ ᠰᠢᠯᠢ ᠵᠢᠨ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠪᠰᠤᠷᠤᠭᠴᠢ ᠴᠠᠭᠳᠠᠭ᠎ᠠ ᠵᠢᠨ ᠡᠳᠦᠷ ᠲᠤᠲᠤᠮ᠎ᠤᠨ ᠬᠠᠤᠯᠢ ᠬᠡᠷᠡᠭᠵᠢᠭᠦᠯᠵᠦ ᠡᠭᠦᠷᠭᠡ ᠭᠦᠢ᠍ᠴᠡᠳᠭᠡᠬᠦ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠂ ᠬᠦᠴᠢᠷ ᠠᠰᠠᠭᠤᠳᠠᠯ᠎ᠳᠤ ᠴᠢᠭᠯᠡᠭᠦᠯᠦᠨ ᠡᠮᠬᠢᠯᠡᠨ ᠳᠢᠭᠯᠡᠵᠦ᠂ ᠡᠯ᠎ᠡ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠬᠠᠪᠰᠤᠷᠤᠭᠴᠢ ᠴᠠᠭᠳᠠᠭ᠎ᠠ ᠵᠢᠨ ᠲᠤᠬᠠᠶ᠋ᠢᠯᠠᠭᠰᠠᠨ ᠠᠵᠢᠯ᠎ᠤᠨ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠥᠷᠨᠢᠭᠦᠯᠪᠡ᠃
ᠲᠣᠰ ᠤᠳᠠᠭ᠋ᠠᠨ᠎ᠤ ᠪᠣᠯᠪᠠᠰᠤᠷᠠᠭᠤᠯᠤᠯ᠎ᠤᠨ ᠬᠢᠴᠢᠶᠡᠯ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ ᠡᠯᠰᠡᠬᠦ ᠠᠷᠭ᠎ᠠ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ ᠡᠯᠰᠡᠬᠦ ᠲᠦᠷ ᠬᠡᠷᠡᠭᠵᠢᠭᠦᠯᠬᠦ ᠠᠷᠭ᠎ᠠ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ ᠬᠠᠪᠰᠤᠷᠤᠨ ᠬᠠᠤᠯᠢ ᠬᠡᠷᠡᠭᠵᠢᠭᠦᠯᠬᠦ ᠵᠢᠯᠣᠭᠤᠳᠤᠮᠵᠢ》᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢᠨ ᠰᠡᠷᠡᠮᠵᠢᠯᠡᠭᠦᠯᠬᠦ ᠬᠥᠮᠦᠵᠢᠯ᠎ᠤᠨ ᠶᠠᠷᠢᠶ᠎ᠠ᠎ᠪᠠᠷ ᠪᠦᠷᠢᠯᠳᠦᠬᠦ ᠵᠢ ᠱᠠᠭ᠋ᠠᠷᠳᠠᠬᠤ ᠵᠢᠨ ᠬᠠᠮᠲᠤ᠂ ᠪᠥᠬᠦ ᠠᠷᠠᠳ᠎ᠤᠨ ᠬᠠᠪᠰᠤᠷᠤᠭᠴᠢ ᠴᠠᠭᠳᠠᠭ᠎ᠠ ᠵᠢ ᠥᠪᠡᠰᠦᠪᠡᠨ ᠰᠤᠷᠤᠯᠴᠠᠬᠤ᠎ᠪᠠᠨ ᠴᠢᠩᠭ᠋ᠠᠳᠬᠠᠵᠤ᠂ ᠭᠦᠨᠵᠡᠭᠡᠶ ᠰᠤᠷᠤᠯᠴᠠᠬᠤ᠂ ᠨᠡᠪᠲᠡᠷᠡᠲᠡᠯ᠎ᠡ ᠰᠤᠷᠤᠯᠴᠠᠬᠤ᠂ ᠬᠡᠯᠪᠡᠷᠢ ᠵᠢᠨ ᠲᠡᠳᠦᠶ ᠪᠠᠶ᠋ᠢᠵᠤ ᠪᠣᠯᠬᠤ ᠥᠬᠡᠶ᠂ ᠥᠩᠭᠡᠨ ᠲᠠᠯ᠎ᠠ᠎ᠠᠴᠠ ᠶᠠᠪᠤᠵᠤ ᠪᠣᠯᠬᠤ ᠥᠬᠡᠶ᠂ ᠡᠷᠬᠡᠪᠰᠢ ᠨᠠᠷᠢᠨ ᠬᠢᠨᠠᠮᠠᠭ᠋ᠠᠶ ᠬᠠᠨᠳᠤᠵᠤ᠂ ᠰᠤᠷᠤᠯᠴᠠᠯᠭ᠎ᠠ᠎ᠪᠠᠨ ᠳᠠᠷᠢᠬᠢᠨᠳᠤᠪᠠᠨ ᠬᠠᠳᠠᠩᠰᠢᠭᠤᠯᠬᠤ ᠵᠢ ᠱᠠᠭ᠋ᠠᠷᠳᠠᠪᠠ᠃
ᠰᠢᠯᠢ ᠵᠢᠨ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠥᠬᠦ ᠬᠠᠪᠰᠤᠷᠤᠭᠴᠢ ᠴᠠᠭᠳᠠᠭ᠎ᠠ ᠲᠣᠰ ᠤᠳᠠᠭ᠋ᠠᠨ᠎ᠤ ᠰᠤᠷᠤᠯᠴᠠᠯᠭ᠎ᠠ᠎ᠪᠠᠷ ᠠᠵᠠ ᠲᠣᠬᠢᠶᠠᠯ ᠪᠣᠯᠭ᠋ᠠᠨ᠂ ᠥᠪᠡᠷ᠎ᠤᠨ ᠥᠨᠳᠥᠷ ᠪᠠᠷᠢᠮᠵᠢᠶ᠎ᠠ ᠥᠨᠳᠥᠷ ᠱᠠᠭ᠋ᠠᠷᠳᠠᠯᠭ᠎ᠠ ᠵᠢ ᠴᠠᠭ ᠢᠮᠠᠭᠲᠠ ᠪᠠᠲᠤᠯᠠᠵᠤ᠂ ᠬᠠᠪᠰᠤᠷᠤᠭᠴᠢ ᠴᠠᠭᠳᠠᠭ᠎ᠠ ᠵᠢᠨ ᠡᠯ᠎ᠡ ᠵᠦᠢ᠍ᠯ᠎ᠤᠨ ᠲᠦᠷᠢᠮ ᠲᠣᠭᠲᠠᠭ᠋ᠠᠯ ᠪᠠ ᠠᠵᠢᠯ᠎ᠤᠨ ᠰᠠᠬᠢᠯᠭ᠎ᠠ ᠪᠠᠲᠤ ᠵᠢ ᠵᠢᠷᠤᠮᠯᠠᠬᠤ ᠵᠢ ᠴᠢᠩᠭ᠎ᠠ ᠱᠠᠭ᠋ᠠᠷᠳᠠᠨ᠂ ᠠᠵᠢᠯ᠎ᠤᠨ ᠬᠤᠭᠤᠴᠠᠭ᠋ᠠᠨ᠎ᠳᠤ ᠴᠠᠭᠳᠠᠭ᠋ᠠᠨ᠎ᠤ ᠳᠦᠷᠢ ᠲᠥᠷᠬᠦ ᠵᠢᠨ ᠰᠠᠬᠢᠯᠭ᠎ᠠ ᠪᠠᠲᠤ ᠵᠢ ᠠᠩᠬᠠᠷᠴᠤ᠂ ᠬᠠᠤᠯᠢ ᠰᠠᠬᠢᠯᠭ᠎ᠠ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠡᠭᠦᠰᠬᠦ ᠵᠢ ᠡᠷᠡᠰ ᠰᠡᠷᠭᠡᠢ᠌ᠯᠡᠨ᠂ ᠦᠵᠡᠯ ᠰᠠᠨᠠᠭ᠎ᠠ ᠤᠯᠤᠰ ᠲᠥᠷᠥ ᠪᠠ ᠲᠤᠬᠠᠶ᠋ᠢᠯᠠᠭᠰᠠᠨ ᠠᠵᠢᠯ᠎ᠤᠨ ᠰᠤᠷᠤᠯᠴᠠᠯᠭ᠎ᠠ᠎ᠪᠠᠨ ᠴᠢᠩᠭ᠋ᠠᠳᠬᠠᠵᠤ᠂ ᠲᠣᠰ ᠪᠡᠶ᠎ᠡ ᠵᠢᠨ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ ᠵᠶ᠋ᠠᠨ ᠬᠦᠴᠦᠯᠡᠨ ᠳᠡᠭᠡᠭᠰᠢᠯᠡᠭᠦᠯᠪᠡ᠃ ᠦᠢ᠍ᠯᠡᠴᠢᠯᠡᠭᠡᠨ᠎ᠤ ᠦᠵᠡᠯᠲᠡ᠎ᠪᠠᠨ ᠲᠠᠰᠤᠷᠠᠯᠲᠠ ᠦᠭᠡᠢ ᠴᠢᠩᠭ᠋ᠠᠳᠬᠠᠨ᠂ ᠦᠢ᠍ᠯᠡᠴᠢᠯᠡᠭᠡᠨ᠎ᠤ ᠮᠡᠷᠭᠡᠵᠢᠯ ᠴᠢᠳᠠᠪᠤᠷᠢ᠎ᠪᠠᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠠᠷᠭ᠎ᠠ ᠪᠠᠷᠢᠯ ᠵᠶ᠋ᠠᠨ ᠰᠠᠢ᠌ᠵᠢᠷᠠᠭᠤᠯᠤᠨ᠂ ᠦᠢ᠍ᠯᠡᠴᠢᠯᠡᠭᠡᠨ᠎ᠤ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠠᠷᠠᠳ ᠣᠯᠠᠨ᠎ᠳᠤ ᠨᠡᠩ ᠰᠠᠶ᠋ᠢᠨ ᠦᠢ᠍ᠯᠡᠴᠢᠯᠡᠬᠦ ᠪᠣᠯᠭ᠋ᠠᠪᠠ᠃