ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠯᠪᠠᠰᠤᠷᠠᠯ
ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠨᠢ ᠤᠯᠠᠨ ᠲᠦᠷᠦᠯ᠎ᠤᠨ ᠴᠠᠭᠳᠠᠭ᠎ᠠ ᠬᠠᠮᠳᠤᠷᠠᠭᠰᠠᠨ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠤᠷᠢᠯᠳᠠ ᠵᠢᠨ ᠠᠵᠢᠯᠯᠠᠭ᠎ᠠ ᠦᠷᠨᠢᠬᠦᠯᠪᠡ
ᠨᠡᠶ᠋ᠢᠲᠡᠯᠡᠭᠰᠡᠨ ᠴᠠᠭ᠄ 2023-12-19

     ᠡᠬᠡ ᠤᠯᠤᠰ᠎ᠤᠨ ᠤᠮᠠᠷᠠᠳᠤ ᠬᠢᠯᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠳᠤ ᠪᠡᠬᠢ ᠴᠤᠭᠴᠠᠯᠠᠬᠤ᠂ 2023 ᠤᠨ᠎ᠤ 《ᠵᠠᠭᠤᠨ ᠡᠳᠤᠷ᠎ᠤᠨ ᠪᠤᠭᠤᠮᠳᠠ ᠰᠢᠪᠳᠤᠯᠬᠤ》 ᠠᠵᠢᠯᠯᠠᠭ᠎ᠠ ᠵᠢᠨ ᠱᠠᠭ᠋ᠠᠷᠳᠠᠯᠭ᠎ᠠ ᠶᠤᠰᠤᠭ᠋ᠠᠷ᠂ ᠰᠤᠷᠭ᠋ᠠᠭᠤᠯᠢ ᠵᠢᠨ ᠬᠦᠷᠢᠶᠡᠨ᠎ᠤ ᠡᠮᠬᠢ ᠲᠢᠭᠯᠢᠮ᠎ᠢ ᠬᠠᠮᠠᠭ᠋ᠠᠯᠠᠬᠤ᠂ ᠰᠤᠷᠭ᠋ᠠᠭᠤᠯᠢ ᠵᠢᠨ ᠬᠦᠷᠢᠶᠡᠨ᠎ᠳᠤ ᠭᠦᠴᠦᠷᠭᠡᠭᠯᠡᠯ᠎ᠤᠨ ᠬᠡᠷᠡᠭ ᠡᠬᠦᠰᠬᠦ ᠶᠠᠪᠤᠳᠠᠯ᠎ᠢ ᠪᠦᠳᠤᠮᠵᠢᠳᠠᠢ ᠬᠤᠷᠢᠭᠯᠠᠬᠤ᠂ ᠪᠠᠭᠰᠢ ᠰᠤᠷᠤᠭᠴᠢᠳ᠎ᠤᠨ ᠠᠮᠤᠷ ᠲᠦᠪᠰᠢᠨ᠎ᠢ ᠪᠠᠳᠤᠯᠠᠬᠤ ᠵᠢᠨ ᠲᠦᠯᠦᠭᠡ᠂ 11 ᠳ᠋ᠦ᠍ᠭᠡᠷ ᠰᠠᠷ᠎ᠠ ᠵᠢᠨ 25᠎ᠤ ᠡᠳᠤᠷ᠂ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠨᠢ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠴᠠᠭᠳᠠᠭ᠎ᠠ ᠨᠠᠷ ᠵᠶ᠋ᠠᠨ ᠵᠤᠬᠢᠶᠠᠨ ᠪᠠᠢ᠌ᠭᠤᠯᠵᠦ᠂ ᠰᠢᠯᠢ ᠵᠢᠨ ᠬᠤᠳᠠ ᠵᠢᠨ ᠲᠠᠪᠤᠳᠤᠭ᠋ᠠᠷ ᠪᠠᠭ᠎ᠠ ᠰᠤᠷᠭ᠋ᠠᠭᠤᠯᠢ᠎ᠳᠤ ᠰᠦᠷᠳᠡᠬᠦᠯᠦᠯ᠎ᠢ ᠡᠰᠡᠷᠭᠦᠴᠡᠬᠦ ᠰᠤᠷᠢᠯᠳᠠ ᠵᠢᠨ ᠠᠵᠢᠯᠯᠠᠭ᠎ᠠ ᠶᠠᠪᠤᠭᠤᠯᠵᠦ᠂ ᠰᠦᠷᠳᠡᠬᠦᠯᠦᠯ᠎ᠢ ᠡᠰᠡᠷᠭᠦᠴᠡᠬᠦ᠂ ᠭᠦᠴᠦᠷᠭᠡᠭᠯᠡᠯ᠎ᠢ ᠰᠡᠷᠭᠡᠢ᠌ᠯᠡᠬᠦ᠂ ᠬᠡᠨᠡᠳᠳᠡ ᠵᠢᠨ ᠬᠡᠷᠡᠭ᠎ᠢ ᠰᠢᠢ᠍ᠳᠪᠤᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠪᠡ᠃

锡林浩特市公安局开展多警钟联合校园安全演练活动(2).jpg    


     ᠲᠤᠰ ᠤᠳᠠᠭ᠋ᠠᠨ᠎ᠤ ᠶᠡᠷᠤᠩᠭᠡᠢ᠌ᠯᠡᠭᠰᠡᠨ ᠰᠤᠷᠢᠯᠳᠠ ᠵᠢᠨ ᠠᠵᠢᠯᠯᠠᠭ᠎ᠠ ᠵᠢ ᠰᠠᠢ᠌ᠳᠤᠷ ᠦᠷᠨᠢᠬᠦᠯᠵᠦ᠂ ᠰᠤᠷᠢᠯᠳᠠ ᠵᠢᠨ ᠵᠢᠱ᠌ᠢᠭᠰᠡᠨ ᠦᠷ᠎ᠡ ᠪᠦᠳᠦᠮᠵᠢ᠎ᠳᠤ ᠬᠦᠷᠬᠦ ᠵᠢ ᠪᠠᠳᠤᠯᠠᠬᠤ ᠵᠢᠨ ᠲᠦᠯᠦᠭᠡ᠂ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ ᠤᠷᠢᠳᠴᠢᠯᠠᠨ ᠪᠠᠢ᠌ᠷᠢᠯᠠᠭᠤᠯᠵᠦ᠂ ᠨᠠᠷᠢᠨ ᠨᠢᠮᠪᠠᠢ ᠲᠦᠯᠦᠪᠵᠢᠭᠦᠯᠵᠦ᠂ ᠴᠠᠭᠳᠠᠭ᠋ᠠᠨ᠎ᠤ ᠬᠦᠴᠦᠨ ᠵᠶ᠋ᠠᠨ ᠰᠢᠨᠵᠢᠯᠡᠬᠦ ᠤᠬᠠᠭ᠋ᠠᠨᠴᠢ᠎ᠪᠠᠷ ᠵᠤᠬᠢᠰᠳᠠᠢ ᠲᠤᠬᠢᠷᠠᠭᠤᠯᠵᠦ᠂ ᠰᠤᠷᠢᠯᠳᠠ ᠵᠢᠨ ᠲᠦᠰᠦᠯ ᠲᠤᠭᠳᠠᠭ᠋ᠠᠵᠦ᠂ ᠡᠬᠦᠷᠭᠡ ᠬᠠᠷᠢᠭᠤᠴᠠᠯᠭ᠎ᠠ᠎ᠪᠠᠨ ᠲᠤᠳᠤᠷᠬᠠᠢ᠌ᠯᠠᠨ ᠬᠤᠪᠢᠶᠠᠷᠢᠯᠠᠵᠠᠢ᠃ ᠰᠤᠷᠢᠯᠳᠠ ᠵᠢᠩᠭᠢᠨᠢ᠎ᠪᠠᠷ ᠡᠬᠢᠯᠡᠬᠦ᠎ᠠᠴᠠ ᠡᠮᠤᠨ᠎ᠡ᠂ ᠰᠤᠷᠭ᠋ᠠᠭᠤᠯᠢ ᠵᠢᠨ ᠠᠮᠤᠷ᠎ᠢ ᠬᠠᠮᠠᠭ᠋ᠠᠯᠠᠬᠤ ᠠᠵᠢᠯ ᠡᠭᠦᠷᠭᠡ᠎ᠢ ᠭᠦᠢ᠍ᠴᠡᠳᠬᠡᠵᠦ ᠪᠠᠢ᠌ᠭ᠎ᠠ ᠪᠦᠬᠦ ᠴᠠᠭᠳᠠᠭ᠎ᠠ ᠨᠠᠷ᠎ᠲᠤ ᠰᠦᠷᠳᠡᠭᠦᠯᠦᠯ᠎ᠢ ᠡᠰᠡᠷᠭᠦᠴᠡᠬᠦ᠂ ᠬᠦᠴᠦᠷᠬᠡᠭᠯᠡᠯ᠎ᠢ ᠰᠡᠷᠭᠡᠢ᠌ᠯᠡᠬᠦ ᠪᠤᠯᠪᠠᠰᠤᠷᠠᠭᠤᠯᠤᠯ ᠬᠢᠵᠦ᠂ ᠭᠤᠤᠯᠳᠠᠭᠤ ᠪᠠᠮᠪᠠᠢ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠢᠳᠠᠮ᠂ ᠰᠡᠷᠡᠭᠡ ᠵᠡᠷᠭᠡ ᠬᠦᠴᠦᠷᠭᠡᠭᠯᠡᠯ᠎ᠢ ᠡᠰᠡᠷᠭᠦᠴᠡᠬᠦ ᠪᠠᠭ᠋ᠠᠵᠢ ᠬᠡᠷᠡᠭᠰᠡᠯ᠎ᠤᠨ ᠴᠢᠳᠠᠮᠵᠢ ᠵᠢᠴᠢ ᠬᠡᠷᠡᠭᠴᠡᠭᠡ ᠤᠢ᠌ᠯᠡᠳᠦᠯ᠎ᠢ ᠨᠠᠷᠢᠨ ᠲᠠᠢ᠌ᠯᠪᠤᠷᠢᠯᠠᠵᠦ᠂ ᠠᠳᠠᠯᠢ ᠪᠤᠰᠤ ᠪᠠᠢ᠌ᠳᠠᠯ᠎ᠳᠤ ᠬᠡᠷᠭᠢᠨ ᠬᠡᠷᠡᠭᠯᠡᠬᠦ ᠵᠢ ᠬᠢᠵᠦ ᠦᠵᠡᠬᠦᠯᠦᠨ᠂ ᠰᠤᠷᠭ᠋ᠠᠭᠤᠯᠢ ᠵᠢᠨ ᠬᠦᠷᠢᠶᠡᠨ᠎ᠤ ᠠᠮᠤᠷ᠎ᠢ ᠬᠠᠮᠠᠭ᠋ᠠᠯᠠᠬᠤ ᠴᠠᠭᠳᠠᠭ᠎ᠠ ᠨᠠᠷ᠎ᠤᠨ ᠬᠦᠴᠦᠷᠭᠡᠭᠯᠡᠯ᠎ᠢ ᠡᠰᠡᠷᠭᠦᠴᠡᠬᠦ ᠪᠠᠭ᠋ᠠᠵᠢ ᠬᠡᠷᠡᠭᠰᠡᠯ᠎ᠢ ᠵᠦᠪ ᠪᠦᠬᠡᠳ ᠪᠤᠯᠪᠠᠰᠤᠷᠠᠩᠭᠤᠢ ᠡᠵᠡᠮᠰᠢᠬᠦ ᠵᠢ ᠪᠠᠳᠤᠯᠠᠵᠤ᠂ ᠰᠤᠷᠭ᠋ᠠᠭᠤᠯᠢ ᠵᠢᠨ ᠬᠦᠷᠢᠶᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ ᠲᠡᠭᠡᠭᠰᠢᠯᠡᠬᠦᠯᠪᠡ᠃ ᠲᠠᠷᠠᠭ᠎ᠠ᠎ᠨᠢ ᠰᠤᠷᠢᠯᠳᠠ ᠵᠢᠩᠭᠢᠨᠢ᠎ᠪᠠᠷ ᠡᠬᠢᠯᠡᠵᠦ᠂ ᠲᠤᠬᠠᠢ ᠵᠢᠨ ᠲᠠᠯᠠᠪᠠᠢ᠎ᠳᠤ ᠤᠷᠮ᠎ᠠ ᠰᠡᠳᠬᠢᠯ ᠶᠡᠷᠤ ᠪᠤᠰᠤ᠎ᠪᠠᠷ ᠬᠦᠭᠰᠡᠵᠦ ᠲᠤᠭᠳᠤᠯᠤᠭᠰᠠᠨ ᠬᠤᠶᠠᠷ ᠡᠷᠡᠭᠳᠠᠢ ᠰᠤᠷᠭ᠋ᠠᠭᠤᠯᠢ᠎ᠳᠤ ᠬᠡᠨᠡᠳᠳᠡ᠎ᠪᠠᠷ ᠲᠠᠭ᠋ᠠᠷᠢᠨ ᠤᠷᠤᠵᠦ᠂ ᠠᠮᠤᠷ᠎ᠢ ᠬᠠᠮᠠᠭ᠋ᠠᠯᠠᠬᠤ ᠠᠵᠢᠯᠳᠠᠨ᠎ᠲᠠᠢ ᠰᠦᠷᠭᠡᠦ ᠠᠭ᠋ᠠᠰᠢᠯᠠᠨ᠂ ᠦᠭᠡ ᠶᠠᠷᠢᠶ᠎ᠠ ᠪᠠᠯᠠᠮᠠᠳ ᠬᠡᠷᠴᠡᠭᠡᠢ᠂ ᠶᠠᠮᠠᠷ ᠴᠦ᠍ ᠢᠳᠬᠠᠯ᠎ᠢ ᠰᠤᠨᠤᠰᠬᠤ ᠦᠭᠡᠢ ᠤᠯᠠᠢ᠌ᠷᠠᠨ ᠠᠭ᠋ᠠᠰᠢᠯᠠᠬᠤ᠎ᠳᠤ ᠠᠮᠤᠷ᠎ᠢ ᠬᠠᠮᠠᠭ᠋ᠠᠯᠠᠬᠤ ᠠᠵᠢᠯᠳᠠᠳ ᠲᠠᠷᠤᠢ ᠲᠦᠷᠭᠡᠨ ᠬᠠᠷᠢᠭᠤ ᠲᠤᠰᠬᠠᠯ ᠠᠪᠴᠦ᠂ ᠲᠦᠭᠰᠢᠬᠦᠷᠢ ᠮᠡᠳᠡᠬᠦᠯᠬᠦ ᠲᠠᠷᠤᠪᠴᠢ ᠵᠢ ᠲᠠᠷᠤᠨ᠂ ᠴᠠᠭᠳᠠᠭ᠎ᠠ ᠵᠢᠨ᠎ᠬᠢᠨ᠎ᠳᠤ ᠮᠡᠳᠡᠭᠳᠡᠵᠠᠢ᠃ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ᠎ᠬᠢᠨ ᠵᠠᠷᠯᠢᠭ᠎ᠢ ᠤᠯᠤᠭᠰᠠᠨ᠎ᠤ ᠲᠠᠷᠠᠭ᠎ᠠ᠂ ᠴᠠᠭᠳᠠᠭ᠋ᠠᠨ᠎ᠤ ᠬᠦᠴᠦᠨ ᠵᠶ᠋ᠠᠨ ᠦᠳᠳᠡᠷ ᠲᠦᠷᠭᠡᠨ ᠵᠤᠬᠢᠶᠠᠨ ᠪᠠᠢ᠌ᠭᠤᠯᠵᠦ᠂ ᠲᠤᠭᠳᠠᠭᠰᠠᠨ ᠴᠠᠭ᠎ᠲᠤ ᠲᠤᠬᠠᠢ ᠵᠢᠨ ᠲᠠᠯᠠᠪᠠᠢ᠎ᠳᠤ ᠬᠦᠷᠴᠦ ᠬᠡᠷᠡᠭ᠎ᠢ ᠰᠢᠢ᠍ᠳᠪᠦᠷᠢᠯᠡᠵᠠᠢ᠃ 《ᠨᠢᠭᠡᠳᠦᠯᠳᠠᠢ ᠵᠢᠯᠤᠭᠤᠳᠴᠦ᠂ ᠬᠠᠮᠵᠢᠯᠴᠠᠨ ᠠᠵᠢᠯᠯᠠᠵᠦ᠂ ᠪᠦᠬᠦ ᠴᠤᠭᠴᠠ᠎ᠪᠠᠷ ᠪᠠᠢ᠌ᠯᠳᠤᠬᠤ》 ᠵᠠᠷᠴᠢᠮ᠎ᠤᠨ ᠶᠤᠰᠤᠭ᠋ᠠᠷ᠂ ᠡᠯ᠎ᠡ ᠰᠠᠯᠠᠭ᠎ᠠ ᠮᠦᠴᠢᠷ᠂ ᠡᠯ᠎ᠡ ᠴᠠᠭᠳᠠᠭ᠋ᠠᠨ᠎ᠤ ᠲᠦᠷᠦᠯ᠎ᠤᠨ᠎ᠬᠢᠨ ᠬᠠᠮᠳᠤᠷᠠᠨ ᠪᠠᠢ᠌ᠯᠳᠤᠵᠦ᠂ 《ᠪᠠᠯᠠᠮᠠᠳ ᠠᠮᠢᠳᠠᠳ》᠎ᠢ ᠦᠳᠳᠡᠷ ᠲᠦᠷᠭᠡᠨ ᠨᠤᠮᠤᠬᠠᠳᠬᠠᠨ ᠡᠵᠡᠮᠳᠡᠵᠦ ᠠᠪᠴᠦ ᠶᠠᠪᠤᠪᠠ᠃ ᠰᠤᠷᠢᠯᠳᠠ ᠲᠤᠮᠳᠠ᠂ ᠡᠯ᠎ᠡ ᠰᠠᠯᠠᠭ᠎ᠠ ᠮᠦᠴᠢᠷ᠎ᠤᠨ ᠴᠠᠭᠳᠠᠭ᠎ᠠ ᠨᠠᠷ ᠨᠢᠭᠳᠠ ᠬᠠᠮᠵᠢᠯᠴᠠᠨ᠂ ᠮᠠᠰᠢ ᠤᠬᠤᠷᠬᠠᠨ ᠬᠤᠭᠤᠴᠠᠭ᠋ᠠᠨ᠎ᠳᠤ ᠠᠰᠠᠭᠤᠳᠠᠯ᠎ᠢ ᠰᠢᠢ᠍ᠳᠪᠦᠷᠢᠯᠡᠨ᠂ ᠵᠢᠱ᠌ᠢᠭᠰᠡᠨ ᠦᠷ᠎ᠡ ᠳ᠋ᠦᠩ᠎ᠳᠤ᠎ᠪᠠᠨ ᠬᠦᠷᠴᠠᠢ᠃

锡林浩特市公安局开展多警钟联合校园安全演练活动(5).jpg   


     ᠲᠤᠰ ᠤᠳᠠᠭ᠋ᠠᠨ᠎ᠤ ᠰᠤᠷᠢᠯᠳᠠ᠎ᠪᠠᠷ ᠲᠠᠮᠵᠢᠨ᠂ ᠰᠤᠷᠭ᠋ᠠᠭᠤᠯᠢ ᠵᠢᠨ ᠪᠦᠬᠦ ᠪᠠᠭᠰᠢ ᠰᠤᠷᠤᠭᠴᠢᠳ ᠪᠤᠯᠤᠨ ᠰᠤᠷᠭ᠋ᠠᠭᠤᠯᠢ ᠵᠢᠨ ᠠᠮᠤᠷ᠎ᠢ ᠬᠠᠮᠠᠭ᠋ᠠᠯᠠᠬᠤ ᠠᠵᠢᠯᠳᠠᠳ ᠠᠮᠤᠷ ᠲᠦᠪᠰᠢᠨ᠎ᠤ ᠰᠡᠷᠭᠡᠢ᠌ᠯᠡᠯᠳᠡ ᠵᠢᠨ ᠤᠬᠠᠮᠰᠠᠷ ᠵᠶ᠋ᠠᠨ ᠴᠢᠩᠭ᠋ᠠᠳᠬᠠᠵᠦ᠂ ᠰᠦᠷᠳᠡᠬᠦᠯᠦᠯ᠎ᠤᠨ ᠬᠡᠨᠡᠳᠳᠡ ᠵᠢᠨ ᠭᠡᠷᠡᠭ᠎ᠢ ᠡᠰᠡᠷᠭᠦᠴᠡᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠪᠤᠯᠤᠨ ᠪᠡᠯᠡᠳᠬᠡᠯ ᠲᠦᠰᠦᠯ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠴᠢᠳᠠᠪᠤᠷᠢ ᠵᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠰᠤᠷᠭ᠋ᠠᠭᠤᠯᠢ ᠵᠢᠨ ᠠᠮᠤᠷ ᠲᠦᠪᠰᠢᠨ᠎ᠤ ᠰᠡᠷᠭᠡᠢ᠌ᠯᠡᠯᠳᠡ ᠵᠢᠨ ᠤᠬᠠᠮᠰᠠᠷ ᠪᠤᠯᠤᠨ ᠪᠠᠭᠰᠢ ᠰᠤᠷᠤᠭᠴᠢᠳ᠎ᠤᠨ ᠦᠪᠡᠷ᠎ᠢ᠎ᠪᠠᠨ ᠬᠠᠮᠠᠭ᠋ᠠᠯᠠᠬᠤ ᠴᠢᠳᠠᠪᠤᠷᠢ ᠵᠢ ᠴᠢᠩᠭ᠋ᠠᠳᠬᠠᠵᠦ᠂ ᠬᠠᠷᠢᠶ᠎ᠠ ᠤᠷᠤᠨ᠎ᠤ᠎ᠪᠠᠨ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠡᠷᠭᠡᠢ᠌ᠯᠡᠯᠳᠡ ᠵᠢᠨ ᠱᠤᠭᠤᠮ᠎ᠢ ᠪᠡᠬᠢᠵᠢᠭᠦᠯᠪᠡ᠃

 (ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ   ᠴᠢ ᠵᠸᠨ ᠵᠢᠶᠦ᠋ᠨ᠂ ᠤᠶᠤᠨᠴᠢᠮᠡᠭ ᠮᠡᠳᠡᠭᠡᠯᠡᠪᠡ)

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ