ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠯᠪᠠᠰᠤᠷᠠᠯ
ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ ᠠᠯᠪᠠᠨ ᠶᠠᠪᠤᠳᠠᠯ᠎ᠳᠤ ᠫᠤᠤ ᠬᠡᠷᠡᠭᠯᠡᠬᠦ ᠲᠤᠰᠬᠠᠢ ᠪᠤᠯᠪᠠᠰᠤᠷᠠᠯ᠎ᠤᠨ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2023-12-19

     9 ᠳ᠋ᠤᠬᠡᠷ ᠰᠠᠷ᠎ᠠ ᠵᠢᠨ19᠎ᠤ ᠡᠳᠤᠷ᠎ᠠᠴᠠ ᠡᠬᠢᠯᠡᠨ᠂ 《ᠨᠠᠮ᠎ᠤᠨ ᠪᠠᠢ᠌ᠭᠤᠯᠤᠯᠳᠠ ᠵᠢ ᠠᠳᠬᠤᠬᠤ᠂ ᠰᠤᠷᠳᠠᠯ ᠴᠡᠭᠴᠡᠯᠡᠬᠦ᠂ ᠬᠡᠪ ᠴᠢᠨᠠᠷ᠎ᠢ ᠴᠢᠩᠭ᠋ᠠᠳᠬᠠᠬᠤ᠂ ᠲᠦᠷᠢ ᠲᠦᠷᠬᠦ ᠵᠢ ᠪᠤᠢ ᠪᠤᠯᠭ᠋ᠠᠬᠤ》 ᠲᠤᠰᠬᠠᠢ ᠠᠵᠢᠯᠯᠠᠭ᠎ᠠ ᠵᠢ ᠠᠬᠢᠭᠤᠯᠬᠤ᠂ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠠᠷᠠᠳ᠎ᠤᠨ ᠴᠠᠭᠳᠠᠭ᠋ᠠᠨ᠎ᠤ ᠴᠠᠭᠳᠠᠭ᠋ᠠᠨ᠎ᠤ ᠶᠠᠪᠤᠳᠠᠯ᠎ᠤᠨ ᠪᠤᠳᠠᠳᠤ ᠪᠠᠢ᠌ᠯᠳᠤᠭ᠋ᠠᠨ᠎ᠤ ᠰᠤᠷᠭ᠋ᠠᠭᠤᠯᠢᠯᠠᠯ᠎ᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠂ ᠠᠩᠭᠢ ᠡᠩᠨᠡᠭᠡ᠎ᠪᠠᠨ ᠲᠠᠰᠤᠷᠠᠯᠳᠠ ᠦᠭᠡᠢ ᠲᠠᠪᠳᠠᠨ ᠪᠣᠯᠪᠠᠰᠤᠷᠠᠭᠤᠯᠬᠤ᠂ ᠲᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠠᠯᠪᠠᠨ ᠶᠠᠪᠤᠳᠠᠯ᠎ᠳᠤ ᠬᠡᠷᠡᠭᠯᠡᠬᠦ ᠫᠤᠤ ᠵᠢᠨ ᠬᠠᠮᠢᠶᠠᠷᠤᠯᠳᠠ ᠵᠢ ᠴᠢᠩᠭ᠋ᠠᠳᠬᠠᠬᠤ ᠪᠠ ᠲᠥᠷᠢᠮᠵᠢᠭᠦᠯᠬᠦ᠂ ᠠᠷᠠᠳ᠎ᠤᠨ ᠴᠠᠭᠳᠠᠭ᠎ᠠ ᠵᠢᠨ ᠬᠠᠤᠯᠢ ᠶᠤᠰᠤᠭ᠋ᠠᠷ᠂ ᠲᠦᠷᠢᠮᠵᠢᠬᠦᠨ᠂ ᠪᠦᠳᠦᠮᠵᠢᠳᠠᠢ᠎ᠪᠠᠷ ᠫᠤᠤ ᠵᠡᠪᠰᠡᠭ ᠬᠡᠷᠡᠭᠯᠡᠬᠦ ᠴᠢᠳᠠᠪᠤᠷᠢ ᠵᠢ ᠲᠡᠭᠡᠭᠰᠢᠯᠡᠬᠦᠯᠦᠨ᠂ ᠫᠤᠤ ᠵᠡᠪᠰᠡᠭ᠎ᠢ ᠪᠤᠯᠪᠠᠰᠤᠷᠠᠩᠭᠤᠢ ᠬᠡᠷᠡᠭᠯᠡᠬᠦ ᠬᠠᠤᠯᠢ ᠴᠠᠭ᠋ᠠᠵᠠ ᠵᠢᠨ ᠬᠡᠪ ᠪᠤᠯᠪᠠᠰᠤᠷᠠᠯ ᠪᠠ ᠪᠤᠳᠠᠳᠤ ᠪᠠᠢ᠌ᠯᠳᠤᠭ᠋ᠠᠨ᠎ᠤ ᠬᠢᠷᠢ ᠲᠦᠪᠰᠢᠨ᠎ᠢ ᠲᠡᠭᠡᠭᠰᠢᠯᠡᠬᠦᠯᠬᠦ ᠵᠢᠨ ᠲᠦᠯᠦᠭᠡ᠂ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠨᠢ ᠪᠦᠬᠦ ᠴᠠᠭᠳᠠᠭ᠎ᠠ ᠵᠢᠨ ᠪᠤᠳᠠᠳᠤ ᠪᠠᠢ᠌ᠯᠳᠤᠭ᠋ᠠᠨ᠎ᠤ ᠶᠡᠬᠡ ᠰᠤᠷᠭ᠋ᠠᠭᠤᠯᠢᠯᠠᠯ᠎ᠤᠨ ᠠᠯᠪᠠᠨ ᠶᠠᠪᠤᠳᠠᠯ᠎ᠳᠤ ᠫᠤᠤ ᠬᠡᠷᠡᠭᠯᠡᠬᠦ ᠲᠤᠬᠠᠢ ᠲᠤᠰᠬᠠᠢ ᠰᠡᠳᠤᠪᠳᠤ ᠪᠤᠯᠪᠠᠰᠤᠷᠠᠯ᠎ᠢ ᠵᠤᠬᠢᠶᠠᠨ ᠪᠠᠢ᠌ᠭᠤᠯᠤᠨ ᠦᠷᠨᠢᠬᠦᠯᠪᠡ᠃ ᠡᠨᠡ ᠤᠳᠠᠭ᠋ᠠᠨ᠎ᠤ ᠠᠯᠪᠠᠨ ᠶᠠᠪᠤᠳᠠᠯ᠎ᠳᠤ ᠫᠤᠤ ᠬᠡᠷᠡᠭᠯᠡᠬᠦ ᠲᠤᠬᠠᠢ᠌ᠯᠠᠭᠰᠠᠨ ᠪᠤᠯᠪᠠᠰᠤᠷᠠᠯ᠎ᠤᠨ ᠠᠩᠭᠢ ᠵᠢ ᠨᠡᠢ᠌ᠳᠡ 8 ᠬᠤᠭᠤᠴᠠᠭ᠎ᠠ ᠡᠷᠬᠢᠯᠡᠨ᠂ 300 ᠴᠠᠭᠳᠠᠭ᠎ᠠ ᠵᠢ ᠪᠤᠯᠪᠠᠰᠤᠷᠠᠭᠤᠯᠬᠤ᠎ᠪᠠᠷ ᠲᠦᠯᠦᠪᠯᠡᠵᠦ᠂ ᠤᠳᠤᠬᠠᠨ ᠪᠤᠯᠳᠠᠯ᠎ᠠ ᠨᠢᠭᠡᠨᠳᠡ 8 ᠬᠤᠭᠤᠴᠠᠭ᠋ᠠᠨ᠎ᠤ ᠦᠨᠠᠨ ᠰᠤᠮᠤ᠎ᠪᠠᠷ ᠫᠠᠢ ᠬᠠᠷᠪᠤᠬᠤ ᠫᠤᠤᠳᠠᠯᠭ᠎ᠠ ᠵᠢᠨ ᠪᠤᠯᠪᠠᠰᠤᠷᠠᠯ᠎ᠢ ᠦᠷᠨᠢᠬᠦᠯᠵᠦ᠂ 320 ᠴᠠᠭᠳᠠᠭ᠎ᠠ ᠪᠤᠯᠪᠠᠰᠤᠷᠠᠯ᠎ᠳᠤ ᠤᠷᠤᠯᠴᠠᠵᠦ᠂ ᠲᠦᠷᠪᠡᠨ ᠲᠦᠮᠡᠨ ᠰᠤᠮᠤ ᠫᠤᠤᠳᠠᠪᠠ᠃

1695282324115484.png     


     ᠪᠤᠯᠪᠠᠰᠤᠷᠠᠯ᠎ᠤᠨ ᠠᠩᠭᠢ᠎ᠨᠢ ᠤᠷᠢᠳᠠᠪᠠᠷ ᠤᠨᠤᠯ ᠰᠤᠷᠴᠦ᠂ ᠲᠠᠷᠠᠭ᠎ᠠ᠎ᠨᠢ ᠤᠢ᠌ᠯᠡᠳᠤᠯᠭᠡ᠎ᠳᠤ ᠤᠷᠤᠯᠴᠠᠬᠤ ᠪᠤᠳᠠᠳᠤ ᠪᠠᠢ᠌ᠯᠳᠤᠭ᠋ᠠᠨ᠎ᠤ ᠬᠡᠪ ᠵᠠᠭᠪᠤᠷ ᠶᠤᠰᠤᠭ᠋ᠠᠷ᠂ ᠦᠨᠡᠨ ᠰᠤᠮᠤᠨ᠎ᠤ ᠫᠤᠤᠳᠠᠯᠭ᠎ᠠ ᠵᠢᠨ ᠪᠤᠯᠪᠠᠰᠤᠷᠠᠯ ᠬᠢᠬᠦ᠎ᠠᠴᠠ ᠡᠮᠤᠨ᠎ᠡ᠂ ᠠᠯᠪᠠᠨ ᠶᠠᠪᠤᠳᠠᠯ᠎ᠳᠤ ᠬᠡᠷᠡᠭᠯᠡᠬᠦ ᠫᠤᠤ ᠵᠢᠨ ᠤᠨᠤᠯ᠎ᠤᠨ ᠲᠤᠰᠬᠠᠢ ᠰᠡᠳᠤᠪᠳᠤ ᠵᠢᠭ᠋ᠠᠨ ᠵᠢᠯᠤᠭᠤᠳᠤᠯᠭ᠎ᠠ ᠵᠢᠨ ᠬᠢᠴᠢᠶᠡᠯ ᠣᠷᠤᠪᠠ᠃ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠴᠠᠭᠳᠠᠭ᠋ᠠᠨ᠎ᠤ ᠶᠠᠪᠤᠳᠠᠯ᠎ᠤᠨ ᠪᠤᠳᠠᠳᠤ ᠪᠠᠢ᠌ᠯᠳᠤᠭ᠋ᠠᠨ᠎ᠤ ᠲᠤᠮᠳᠠ ᠵᠡᠷᠭᠡ ᠵᠢᠨ ᠰᠤᠷᠭ᠋ᠠᠭᠴᠢ ᠯᠢ ᠴᠢ 《ᠲᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠠᠯᠪᠠᠨ ᠶᠠᠪᠤᠳᠠᠯ᠎ᠳᠤ ᠬᠡᠷᠡᠭᠯᠡᠬᠦ ᠫᠤᠤ ᠵᠢᠨ ᠬᠠᠮᠢᠶᠠᠷᠤᠯᠳᠠ ᠵᠢᠨ ᠲᠤᠭᠳᠠᠭ᠋ᠠᠯ》 ᠪᠤᠯᠤᠨ ᠫᠤᠤ ᠵᠡᠪᠰᠡᠭ᠎ᠢ ᠠᠶᠤᠯ ᠦᠭᠡᠢ ᠬᠡᠷᠡᠭᠯᠡᠬᠦ ᠲᠦᠷᠢᠮ᠎ᠢ ᠨᠠᠷᠢᠨ ᠲᠠᠢ᠌ᠯᠪᠤᠷᠢᠯᠠᠵᠦ᠂ 92 ᠬᠡᠯᠪᠡᠷᠢ ᠵᠢᠨ ᠭᠠᠷ ᠫᠤᠤ ᠵᠢᠨ ᠪᠦᠳᠤᠴᠡ᠂ ᠴᠢᠳᠠᠮᠵᠢ᠂ ᠠᠷᠠᠴᠢᠯᠠᠨ ᠬᠠᠮᠠᠭ᠋ᠠᠯᠠᠯᠳᠠ ᠵᠡᠷᠭᠡ ᠲᠠᠯ᠎ᠠ ᠵᠢᠨ ᠦᠨᠳᠤᠰᠦᠨ ᠮᠡᠳᠡᠯᠭᠡ ᠪᠠ ᠫᠤᠤ ᠵᠢᠨ ᠵᠠᠳᠠᠯᠤᠯᠳᠠ ᠤᠭᠰᠠᠷᠠᠯᠳᠠ᠂ ᠫᠤᠤ ᠵᠡᠪᠰᠡᠭ᠎ᠲᠤ ᠦᠷᠬᠦᠯᠵᠢ ᠲᠤᠬᠢᠶᠠᠯᠳᠤᠳᠠᠭ ᠭᠡᠮ ᠵᠢᠴᠢ ᠲᠡᠭᠦᠨ᠎ᠢ ᠬᠡᠷᠭᠢᠨ ᠠᠷᠢᠯᠭ᠋ᠠᠬᠤ᠂ ᠫᠤᠤᠳᠠᠬᠤ᠎ᠳᠤ ᠶᠠᠭᠤ ᠵᠢ ᠠᠩᠬᠠᠷᠬᠤ᠂ ᠶᠠᠭ᠋ᠠᠬᠢᠵᠤ ᠤᠨᠢᠯᠠᠵᠥ ᠬᠠᠷᠪᠤᠬᠤ᠂ ᠫᠤᠤᠳᠠᠬᠤ ᠦᠶ᠎ᠡ ᠵᠢᠨ ᠪᠡᠶ᠎ᠡ ᠵᠢᠨ ᠬᠦᠳᠡᠯᠭᠡᠭᠡᠨ᠎ᠤ ᠠᠨᠢᠰᠤ᠂ ᠫᠤᠤ ᠵᠢ ᠰᠢᠯᠭ᠋ᠠᠬᠤ ᠠᠯᠬᠤᠮ ᠲᠠᠷᠠᠭ᠎ᠠ᠎ᠳᠤ ᠨᠠᠷᠢᠨ ᠲᠠᠢ᠌ᠯᠪᠤᠷᠢᠯᠠᠯᠳᠠ ᠬᠢᠵᠦ᠂ ᠪᠤᠳᠠᠳᠤ ᠪᠠᠢ᠌ᠯᠳᠤᠭ᠋ᠠᠨ᠎ᠤ ᠫᠠᠢ ᠫᠤᠤᠳᠠᠬᠤ᠎ᠳᠤ ᠰᠠᠭᠤᠷᠢ ᠲᠠᠯᠪᠢᠭᠰᠠᠨ ᠪᠠᠢ᠌ᠨ᠎ᠠ᠃ ᠦᠨᠡᠨ ᠰᠤᠮᠤ᠎ᠪᠠᠷ ᠫᠠᠢ ᠬᠠᠷᠪᠤᠬᠤ ᠫᠤᠤᠳᠠᠯᠭ᠎ᠠ ᠵᠢᠨ ᠪᠤᠯᠪᠠᠰᠤᠷᠠᠯ᠎ᠤᠨ ᠲᠤᠮᠳᠠ᠂ ᠴᠠᠭᠳᠠᠭ᠋ᠠᠨ᠎ᠤ ᠶᠠᠪᠤᠳᠠᠯ᠎ᠤᠨ ᠪᠤᠳᠠᠳᠤ ᠪᠠᠢ᠌ᠯᠳᠤᠭ᠋ᠠᠨ᠎ᠤ ᠰᠤᠷᠭ᠋ᠠᠭᠴᠢ᠎ᠠᠴᠠ ᠵᠢᠯᠤᠭᠤᠳᠤᠭᠴᠢ᠂ ᠠᠮᠤᠷ᠎ᠢ ᠬᠠᠮᠠᠭ᠋ᠠᠯᠠᠭᠴᠢ᠂ ᠲᠤᠬᠢᠶ᠎ᠠ ᠦᠭᠭᠦᠭᠴᠢ᠂ ᠬᠤᠪᠢ ᠲᠡᠮᠳᠡᠭᠯᠡᠭᠴᠢ᠂ ᠰᠤᠮᠤ ᠲᠦᠭᠡᠭᠡᠭᠴᠢ ᠵᠢ ᠲᠤᠰ ᠲᠤᠰ᠎ᠲᠤ᠎ᠨᠢ ᠲᠤᠬᠢᠷᠠᠭᠤᠯᠵᠦ᠂ ᠠᠵᠢᠯ ᠵᠶ᠋ᠠᠨ ᠬᠤᠪᠢᠶᠠᠷᠢᠯᠠᠨ ᠬᠠᠮᠳᠤᠷᠠᠨ ᠠᠵᠢᠯᠯᠠᠵᠤ᠂ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠬᠢᠨᠠᠮᠠᠭ᠋ᠠᠢ ᠬᠦᠢ᠍ᠴᠡᠳᠭᠡᠵᠦ᠂ ᠦᠨᠡᠨ ᠰᠤᠮᠤᠨ᠎ᠤ ᠵᠤᠬᠢᠶᠠᠨ ᠪᠠᠢ᠌ᠭᠤᠯᠤᠯᠳᠠ ᠵᠢᠨ ᠪᠠᠳᠤᠯᠠᠭ᠎ᠠ᠂ ᠠᠮᠤᠷ ᠲᠦᠪᠰᠢᠨ᠎ᠤ ᠪᠠᠳᠤᠯᠠᠭ᠎ᠠ ᠵᠢᠨ ᠠᠵᠢᠯ᠎ᠢ ᠰᠠᠢ᠌ᠨ ᠬᠢᠵᠦ᠂ ᠫᠤᠤᠳᠠᠯᠭ᠎ᠠ ᠵᠢᠨ ᠤᠷᠤᠨ᠂ ᠵᠢᠯᠤᠭᠤᠳᠬᠤ ᠤᠷᠤᠨ᠂ ᠬᠠᠷᠪᠤᠭ᠋ᠠᠴᠢ ᠵᠢᠨ ᠪᠡᠯᠡᠳᠬᠡᠯ ᠤᠷᠤᠨ᠂ ᠰᠤᠮᠤ ᠠᠪᠬᠤ ᠤᠷᠤᠨ᠎ᠢ ᠬᠤᠪᠢᠶᠠᠷᠢᠯᠠᠵᠦ᠂ ᠪᠤᠳᠠᠳᠤ ᠪᠠᠢ᠌ᠯᠳᠤᠭ᠋ᠠᠨ᠎ᠤ ᠫᠠᠢ ᠬᠠᠷᠪᠤᠬᠤ ᠪᠤᠯᠪᠠᠰᠤᠷᠠᠯ᠎ᠤᠨ ᠡᠮᠬᠢ ᠲᠢᠭᠯᠢᠮ᠎ᠲᠠᠢ ᠶᠠᠪᠤᠭᠳᠠᠬᠤ ᠵᠢ ᠪᠠᠳᠤᠯᠠᠵᠠᠢ᠃ ᠰᠤᠷᠭ᠋ᠠᠭᠴᠢ ᠨᠠᠷ᠎ᠠᠴᠠ ᠵᠢᠯᠤᠭᠤᠳᠤᠭᠴᠢ ᠪᠠ ᠠᠮᠤᠷ᠎ᠢ ᠬᠠᠮᠠᠭ᠋ᠠᠯᠠᠬ᠍ᠴᠢ ᠵᠢᠨ ᠠᠵᠢᠯ ᠡᠬᠦᠷᠭᠡ ᠵᠢ ᠬᠠᠮᠳᠤ᠎ᠳᠤ᠎ᠨᠢ ᠬᠦᠢ᠍ᠴᠡᠳᠭᠡᠵᠦ᠂ ᠰᠤᠮᠤ ᠨᠢᠭᠡᠪᠤᠷᠢ ᠵᠢ ᠠᠶᠤᠯᠬᠦᠢ ᠪᠦᠳᠦᠮᠵᠢᠳᠠᠢ ᠬᠠᠷᠪᠤᠬᠤ ᠵᠢ ᠦᠨᠡᠨ ᠬᠦ᠌ ᠪᠠᠳᠤᠯᠠᠬᠤ ᠵᠢᠨ ᠲᠦᠯᠦᠭᠡ᠂ ᠪᠤᠯᠪᠠᠰᠤᠷᠠᠯ᠎ᠳᠤ ᠤᠷᠤᠯᠴᠠᠵᠦ ᠪᠠᠢ᠌ᠭ᠎ᠠ ᠠᠷᠠᠳ᠎ᠤᠨ ᠴᠠᠭᠳᠠᠭ᠎ᠠ ᠵᠢ ᠬᠠᠪᠰᠤᠷᠤᠨ ᠤᠳᠠᠭ᠎ᠠ ᠪᠤᠯᠭ᠋ᠠᠨ᠎ᠤ ᠫᠤᠤᠳᠠᠭᠰᠠᠨ ᠲᠤᠷᠰᠢᠯᠭ᠎ᠠ ᠰᠤᠷᠭ᠋ᠠᠮᠵᠢ ᠵᠢ ᠳ᠋ᠦᠩᠨᠡᠵᠦ᠂ ᠠᠯᠳᠠᠭᠰᠠᠨ ᠤᠨᠤᠭᠰᠠᠨ ᠵᠢᠮ᠎ᠡ ᠶᠤᠰᠤ ᠵᠢ᠎ᠨᠢ ᠡᠷᠢᠵᠦ ᠭᠠᠷᠭ᠋ᠠᠨ᠂ ᠪᠤᠯᠪᠠᠰᠤᠷᠠᠯ᠎ᠤᠨ ᠬᠢᠷᠢ ᠲᠦᠪᠰᠢᠨ᠎ᠢ ᠲᠡᠭᠡᠭᠰᠢᠯᠡᠬᠦᠯᠪᠡ᠃ ᠪᠤᠯᠪᠠᠰᠤᠷᠠᠯ᠎ᠳᠤ ᠤᠷᠤᠯᠴᠠᠭᠰᠠᠨ ᠠᠷᠠᠳ᠎ᠤᠨ ᠴᠠᠭᠳᠠᠭ᠎ᠠ ᠰᠠᠬᠢᠯᠭ᠎ᠠ ᠪᠠᠳᠤ ᠵᠢ ᠴᠢᠩᠭ᠎ᠠ ᠵᠢᠷᠤᠮᠯᠠᠨ ᠰᠠᠬᠢᠵᠦ᠂ ᠵᠢᠯᠤᠭᠤᠳᠤᠭᠴᠢ ᠵᠢᠨ ᠪᠠᠭᠤᠯᠭ᠋ᠠᠭᠰᠠᠨ ᠠᠮᠠᠨ ᠲᠤᠬᠢᠶ᠎ᠡ ᠶᠤᠰᠤᠭ᠋ᠠᠷ ᠠᠯᠬᠤᠮ ᠲᠠᠷᠠᠭ᠎ᠠ᠎ᠲᠠᠢ᠎ᠪᠠᠷ ᠫᠤᠤ᠎ᠪᠠᠨ ᠴᠡᠨᠡᠭᠯᠡᠵᠦ᠂ ᠬᠠᠷᠪᠤᠬᠤ᠎ᠪᠠᠷ ᠪᠡᠯᠡᠳᠭᠡᠨ᠂ ᠤᠨᠢᠯᠠᠵᠦ ᠫᠤᠤᠳᠠᠨ᠂ ᠰᠤᠮᠤᠨ᠎ᠤ ᠬᠠᠪᠴᠢᠭᠤᠷ ᠵᠶ᠋ᠠᠨ ᠪᠠᠭᠤᠯᠭ᠋ᠠᠨ᠂ ᠫᠤᠤ᠎ᠪᠠᠨ ᠰᠢᠯᠭ᠋ᠠᠵᠦ᠂ ᠫᠠᠢ᠎ᠪᠠᠨ ᠰᠢᠯᠭ᠋ᠠᠨ᠂ ᠦᠨᠡᠨ ᠰᠤᠮᠤᠨ᠎ᠤ ᠫᠤᠤᠳᠠᠯᠭ᠎ᠠ ᠵᠢᠨ ᠪᠤᠯᠪᠠᠰᠤᠷᠠᠯ᠎ᠢ ᠲᠡᠰ ᠲᠠᠷᠠᠭ᠎ᠠ᠎ᠲᠠᠢ ᠡᠮᠬᠢ ᠵᠢᠷᠤᠮ᠎ᠲᠠᠢ᠂ ᠠᠮᠤᠷ ᠲᠦᠪᠰᠢᠨ ᠬᠢᠭᠰᠡᠨ ᠪᠠᠢ᠌ᠨ᠎ᠠ᠃

 1695282347169157.png  


     ᠲᠤᠰ ᠤᠳᠠᠭ᠋ᠠᠨ᠎ᠤ ᠦᠨᠡᠨ ᠰᠤᠮᠤᠨ᠎ᠤ ᠫᠤᠤᠳᠠᠯᠭ᠎ᠠ ᠵᠢᠨ ᠪᠤᠯᠪᠠᠰᠤᠷᠠᠯ ᠲᠦᠪ ᠴᠢᠩᠭ᠎ᠠ ᠰᠠᠬᠢᠯᠭ᠎ᠠ ᠪᠠᠳᠤ᠂ ᠴᠢᠩᠭ᠎ᠠ ᠨᠢᠮᠪᠠᠢ ᠡᠭᠦᠷᠭᠡ ᠬᠠᠷᠢᠭᠤᠴᠠᠯᠭ᠎ᠠ ᠵᠢᠨ ᠲᠤᠤᠷ᠎ᠠ ᠤᠰᠤᠯ ᠡᠨᠳᠡᠯ ᠭᠠᠷᠤᠭᠰᠠᠨ ᠦᠭᠡᠢ ᠠᠮᠵᠢᠯᠳᠠ᠎ᠲᠠᠢ ᠶᠠᠪᠤᠭᠳᠠᠵᠠᠢ᠃

      ᠲᠠᠷᠠᠭ᠋ᠠᠴᠢ ᠵᠢᠨ ᠠᠯᠬᠤᠮ᠎ᠳᠤ᠂ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠨᠢ ᠪᠦᠬᠦ ᠴᠠᠭᠳᠠᠭ᠎ᠠ ᠵᠢᠨ ᠪᠤᠳᠠᠳᠤ ᠪᠠᠢ᠌ᠯᠳᠤᠭ᠋ᠠᠨ᠎ᠤ ᠶᠡᠬᠡ ᠰᠤᠷᠭ᠋ᠠᠭᠤᠯᠢᠯᠠᠯ᠎ᠤᠨ ᠬᠦᠮᠦᠵᠢᠯ ᠪᠤᠯᠪᠠᠰᠤᠷᠠᠯ᠎ᠤᠨ ᠠᠵᠢᠯ᠎ᠤᠨ ᠪᠠᠢ᠌ᠷᠢᠯᠠᠭᠤᠯᠤᠯᠳᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠦ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠋ᠠᠨ᠎ᠤ ᠬᠦᠮᠦᠵᠢᠯ ᠪᠤᠯᠪᠠᠰᠤᠷᠠᠯ᠎ᠤᠨ ᠪᠠᠢ᠌ᠭᠤᠯᠤᠯᠳᠠ ᠵᠢᠨ ᠬᠦᠭᠵᠢᠯᠳᠡ ᠵᠢ ᠦᠷᠭᠦᠯᠵᠢᠯᠡᠨ ᠲᠡᠭᠡᠳᠤ ᠬᠡᠮᠵᠢᠶ᠎ᠡ᠎ᠪᠠᠷ ᠴᠢᠬᠤᠯᠠᠴᠢᠯᠡᠨ᠂ ᠴᠠᠭᠳᠠᠭ᠋ᠠᠨ᠎ᠤ ᠶᠠᠪᠤᠳᠠᠯ᠎ᠤᠨ ᠤᠷ᠎ᠠ ᠴᠢᠳᠠᠪᠤᠷᠢ ᠵᠢᠨ ᠪᠤᠯᠪᠠᠰᠤᠷᠠᠯ᠎ᠢ ᠶᠡᠭᠡᠪᠡᠷ ᠴᠢᠩᠭ᠋ᠠᠳᠬᠠᠵᠦ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠋ᠠᠨ᠎ᠤ ᠪᠤᠳᠠᠳᠤ ᠪᠠᠢ᠌ᠯᠳᠤᠭ᠋ᠠᠨ᠎ᠤ ᠮᠡᠷᠭᠡᠵᠢᠯ᠂ ᠪᠠᠢ᠌ᠯᠳᠤᠬᠤ ᠠᠷᠭ᠎ᠠ ᠵᠢᠨ ᠬᠢᠷᠢ ᠲᠦᠪᠰᠢᠨ᠎ᠢ ᠴᠢᠷᠮᠠᠢ᠌ᠨ ᠲᠡᠭᠡᠭᠰᠢᠯᠡᠬᠦᠯᠵᠦ᠂ ᠠᠩᠭᠢ ᠡᠩᠨᠡᠭᠡᠨ᠎ᠤ ᠲᠠᠢ᠌ᠴᠢᠨ ᠬᠦᠴᠦᠨ᠎ᠢ ᠪᠠᠳᠠᠷᠠᠭᠤᠯᠵᠦ᠂ ᠲᠡᠳᠡᠨ᠎ᠢ ᠦᠨᠳᠤᠷ ᠬᠡᠪ ᠪᠤᠯᠪᠠᠰᠤᠷᠠᠯ᠂ ᠦᠨᠳᠤᠷ ᠬᠢᠷᠢ ᠲᠦᠪᠰᠢᠨ ᠵᠶ᠋ᠠᠷ ᠲᠤᠳᠤᠭ᠋ᠠᠳᠤ ᠵᠢ ᠬᠠᠮᠠᠭ᠋ᠠᠯᠠᠬᠤ ᠠᠵᠢᠯ᠎ᠳᠤ ᠤᠷᠤᠯᠴᠠᠭᠤᠯᠤᠨ᠎ᠠ᠃ (ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠤᠶᠤᠨᠴᠢᠮᠡᠭ ᠮᠡᠳᠡᠭᠡᠯᠡᠪᠡ)

                  

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ