11 ᠳ᠋ᠦ᠍ᠭᠡᠷ ᠰᠠᠷ᠎ᠠ ᠵᠢᠨ 22᠎ᠤᠨ ᠡᠳᠦᠷ᠂ ᠰᠢᠯᠢ ᠵᠢᠨ ᠭᠣᠤᠯ ᠠᠢ᠌ᠮᠠᠭ᠎ᠤᠨ ᠲᠤᠯᠤᠨ ᠨᠠᠭᠤᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠮᠡᠷᠭᠡᠵᠢᠯ ᠴᠢᠳᠠᠪᠤᠷᠢ ᠵᠢᠨ ᠨᠢᠭᠡᠳᠦᠭᠡᠷ ᠬᠤᠭᠤᠴᠠᠭ᠋ᠠᠨ᠎ᠤ ᠪᠣᠯᠪᠠᠰᠤᠷᠠᠯ᠎ᠤᠨ ᠠᠩᠭᠢ ᠡᠬᠢᠯᠡᠵᠦ᠂ 50 ᠭᠠᠷᠤᠶ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ ᠪᠣᠯᠪᠠᠰᠤᠷᠠᠯ᠎ᠳᠤ ᠣᠷᠤᠯᠴᠠᠪᠠ᠃
ᠲᠤᠰ ᠤᠳᠠᠭ᠎ᠠ ᠵᠢᠨ ᠪᠣᠯᠪᠠᠰᠤᠷᠠᠯ᠎ᠢ ᠲᠤᠯᠤᠨ ᠨᠠᠭᠤᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠨᠠᠮ᠎ᠤᠨ ᠬᠣᠷᠢᠶ᠎ᠠ ᠳᠡᠭᠡᠲᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠪᠣᠯᠪᠠᠰᠤᠷᠠᠯ᠎ᠤᠨ ᠠᠭᠤᠯᠭ᠎ᠠ ᠵᠢ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠪᠠᠶ᠋ᠢᠷᠢᠯᠠᠭᠤᠯᠵᠤ᠂ ᠪᠣᠳᠠᠲᠤ ᠳᠠᠶ᠋ᠢᠨ᠎ᠳᠤ ᠦᠢ᠍ᠯᠡᠴᠢᠯᠡᠬᠦ᠂ ᠪᠣᠳᠠᠲᠤ ᠬᠡᠷᠡᠭᠴᠡᠭᠡ᠎ᠳᠤ ᠣᠶ᠋ᠢᠷᠠᠳᠬᠤ᠂ ᠪᠣᠳᠠᠲᠤ ᠦᠷ᠎ᠡ ᠪᠦᠲᠦᠮᠵᠢ ᠵᠢ ᠲᠤᠪᠤᠶ᠋ᠢᠯᠭ᠋ᠠᠬᠤ ᠡᠭᠦᠳᠡᠨ᠎ᠠᠴᠠ ᠰᠤᠷᠤᠯᠴᠠᠬᠤ ᠲᠥᠯᠥᠪᠯᠡᠭᠡ ᠲᠣᠭᠲᠠᠭ᠋ᠠᠵᠤ᠂ ᠰᠤᠷᠤᠯᠴᠠᠬᠤ ᠠᠭᠤᠯᠭ᠎ᠠ ᠵᠢ ᠲᠣᠭᠲᠠᠭ᠋ᠠᠪᠠ᠃ ᠲᠣᠪᠴᠢᠶ᠎ᠠ ᠵᠢᠨ ᠡᠯ᠎ᠡ ᠴᠠᠭᠳᠠᠭ᠋ᠠᠨ᠎ᠤ ᠲᠥᠷᠥᠯ᠎ᠤᠨ ᠲᠤᠰᠬᠠᠶ ᠮᠡᠷᠭᠡᠵᠢᠯ᠎ᠤᠨ ᠭᠤᠣᠯᠯᠠᠭᠴᠢ ᠠᠷᠠᠳ᠎ᠤᠨ ᠴᠠᠭᠳᠠᠭ᠎ᠠ ᠵᠢ ᠤᠷᠢᠵᠤ᠂ ᠠᠯᠪᠠᠨ ᠪᠢᠴᠢᠭ᠎ᠤᠨ ᠵᠣᠬᠢᠶᠠᠨ ᠪᠢᠴᠢᠯᠭᠡ᠂ ᠰᠦᠯᠵᠢᠶᠡᠨ᠎ᠤ ᠠᠮᠤᠷ ᠲᠦᠪᠰᠢᠨ᠎ᠤ ᠬᠥᠮᠦᠵᠢᠯ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠠᠷᠭ᠋ᠠᠴᠠᠬᠤ ᠲᠠᠢ᠌ᠯᠤᠮᠵᠢ᠂ ᠪᠣᠯᠪᠠᠰᠤᠷᠠᠭᠤᠯᠤᠯ᠎ᠳᠤ ᠬᠢᠴᠢᠶᠡᠯ᠎ᠤᠨ ᠲᠠᠩᠬᠢᠮ᠎ᠤᠨ ᠲᠠᠶ᠋ᠢᠯᠤᠮᠵᠢ᠂ ᠬᠡᠷᠡᠭ᠎ᠤᠨ ᠵᠢᠱ᠌ᠢᠶ᠎ᠡ ᠵᠢᠨ ᠵᠠᠳᠠᠯᠤᠯᠲᠠ᠂ ᠰᠣᠯᠢᠯᠴᠠᠨ ᠶᠠᠷᠢᠯᠴᠠᠬᠤ ᠵᠡᠷᠭᠡ ᠣᠯᠠᠨ ᠵᠦᠢ᠍ᠯ᠎ᠤᠨ ᠬᠡᠯᠪᠡᠷᠢ ᠵᠢ ᠠᠪᠴᠤ᠂ ᠪᠣᠯᠪᠠᠰᠤᠷᠠᠭᠤᠯᠤᠯ᠎ᠳᠤ ᠣᠷᠣᠯᠴᠠᠭᠰᠠᠨ ᠠᠵᠢᠯᠲᠠᠳ᠎ᠢ ᠬᠠᠪᠰᠤᠷᠤᠨ ᠬᠠᠮᠢᠶ᠎ᠠ ᠪᠥᠬᠦᠶ ᠮᠡᠳᠡᠯᠭᠡ ᠤᠷ᠎ᠠ ᠴᠢᠳᠠᠪᠤᠷᠢ ᠵᠢ ᠭᠦᠨᠵᠡᠭᠡᠶ ᠣᠶ᠋ᠢᠯᠠᠭ᠋ᠠᠭᠤᠯᠵᠤ᠂ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ᠎ᠤ ᠶᠡᠷᠦᠩᠬᠡᠶ ᠬᠡᠪ ᠴᠢᠨᠠᠷ᠎ᠢ ᠪᠥᠬᠦ ᠲᠠᠯ᠎ᠠ᠎ᠪᠠᠷ᠂ ᠣᠯᠠᠨ ᠲᠠᠰ ᠳᠠᠪᠬᠤᠷᠭ᠎ᠠ᠎ᠪᠠᠷ ᠳᠡᠭᠡᠭᠰᠢᠯᠡᠭᠦᠯᠵᠦ᠂ ᠠᠵᠢᠯ᠎ᠤᠨ ᠪᠠᠶ᠋ᠢᠷᠢ ᠵᠢᠨ ᠬᠡᠷᠡᠭᠴᠡᠭᠡ᠎ᠳᠤ ᠨᠠᠩ ᠰᠠᠶ᠋ᠢᠲᠤᠷ ᠵᠣᠬᠢᠴᠠᠭᠤᠯᠬᠤ ᠵᠢ ᠪᠠᠲᠤᠯᠠᠪᠠ᠃
ᠪᠣᠯᠪᠠᠰᠤᠷᠠᠯ ᠳᠠᠭᠤᠰᠤᠭᠰᠠᠨ᠎ᠤ ᠳᠠᠷᠠᠭ᠎ᠠ᠂ ᠰᠤᠷᠤᠭᠴᠢᠳ᠎ᠤᠨ ᠬᠡᠯᠡᠬᠦ᠎ᠪᠠᠷ᠂ ᠲᠤᠰ ᠤᠳᠠᠭ᠋ᠠᠨ᠎ᠤ ᠪᠣᠯᠪᠠᠰᠤᠷᠠᠯ᠎ᠳᠤ ᠪᠠᠭ᠎ᠠ ᠪᠤᠰᠤ ᠣᠯᠤᠯᠲᠠ᠎ᠲᠠᠢ ᠪᠠᠢ᠌ᠵᠤ᠂ ᠲᠡᠳᠡᠨ᠎ᠳᠤ ᠮᠠᠰᠢ ᠤᠯᠠᠨ ᠰᠢᠨ᠎ᠡ ᠲᠤᠬᠠᠶ᠋ᠢᠯᠠᠭᠰᠠᠨ ᠠᠵᠢᠯ᠎ᠤᠨ ᠮᠡᠳᠡᠯᠭᠡ ᠪᠠ ᠴᠠᠭᠳᠠᠭ᠋ᠠᠨ᠎ᠤ ᠶᠠᠪᠤᠳᠠᠯ᠎ᠤᠨ ᠮᠡᠷᠭᠡᠵᠢᠯ ᠴᠢᠳᠠᠪᠤᠷᠢ ᠵᠢ ᠡᠵᠡᠮᠰᠢᠭᠦᠯᠦᠭᠰᠡᠨ ᠵᠶ᠋ᠠᠷ ᠪᠠᠷᠠᠬᠤ ᠦᠭᠡᠢ ᠪᠠᠰᠠ ᠥᠪᠡᠷ᠎ᠤᠨ ᠡᠭᠦᠷᠭᠡᠯᠡᠵᠦ ᠪᠠᠶ᠋ᠢᠭ᠎ᠠ ᠬᠠᠷᠢᠭᠤᠴᠠᠯᠭ᠎ᠠ ᠪᠠ ᠡᠭᠦᠷᠭᠡ᠎ᠪᠠᠨ ᠭᠦᠨᠵᠡᠭᠡᠶ ᠣᠶ᠋ᠢᠯᠠᠭ᠋ᠠᠭᠤᠯᠵᠤ᠂ ᠴᠠᠭᠳᠠᠭ᠋ᠠᠨ᠎ᠤ ᠠᠵᠢᠯ᠎ᠢ ᠲᠤᠰᠠᠯᠠᠬᠤ ᠠᠵᠢᠯ᠎ᠤᠨ ᠴᠢᠬᠤᠯᠠ ᠴᠢᠨᠠᠷ ᠪᠠ ᠪᠡᠷᠬᠡ ᠬᠠᠲᠠᠭᠤᠵᠢᠯᠲᠤ ᠴᠢᠨᠠᠷ᠎ᠢ ᠨᠡᠩ ᠭᠦᠨᠵᠡᠭᠡᠶ ᠣᠶ᠋ᠢᠯᠠᠭ᠋ᠠᠭᠤᠯᠵᠤ᠂ ᠬᠤᠶ᠋ᠢᠰᠢᠳᠠ ᠵᠢᠨ ᠠᠵᠢᠯ᠎ᠤᠨ ᠳᠤᠮᠳᠠ᠎ᠪᠠᠨ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢ ᠴᠢᠷᠮᠠᠶ᠋ᠢᠨ ᠰᠤᠷᠤᠯᠴᠠᠵᠤ᠂ ᠲᠤᠬᠠᠶ᠋ᠢᠯᠠᠭᠰᠠᠨ ᠠᠵᠢᠯ᠎ᠳᠤ᠎ᠪᠠᠨ ᠢᠳᠡᠪᠬᠢᠲᠡᠶ ᠣᠷᠣᠯᠴᠠᠵᠤ᠂ ᠳᠠᠷᠤᠤ ᠬᠢᠴᠢᠶᠡᠩᠭᠦᠶ ᠣᠪᠣᠷ᠎ᠢ ᠪᠠᠷᠢᠮᠲᠠᠯᠠᠨ᠂ ᠡᠭᠦᠷᠭᠡ ᠲᠤᠰᠢᠶᠠᠯ ᠵᠶ᠋ᠠᠨ ᠦᠨᠡᠨᠴᠢ᠎ᠪᠠᠷ ᠭᠦᠢ᠍ᠴᠡᠳᠬᠡᠵᠦ᠂ ᠠᠷᠢᠭᠤᠨ ᠴᠢᠬᠡᠴᠢ᠎ᠪᠠᠷ ᠴᠠᠭᠳᠠᠭ᠋ᠠᠨ᠎ᠤ ᠠᠵᠢᠯ᠎ᠢ ᠬᠢᠬᠦ ᠦᠨᠡᠨ ᠬᠦ᠌ ᠤᠷᠮᠠᠰᠢᠭᠤᠯᠪᠠ᠃