11 ᠳ᠋ᠦ᠍ᠭᠡᠷ ᠰᠠᠷ᠎ᠠ ᠵᠢᠨ 22᠎ᠤᠨ ᠡᠳᠦᠷ᠂ 《ᠵᠠᠭᠤᠨ ᠡᠳᠦᠷ᠎ᠤᠨ ᠪᠣᠭᠤᠮᠲᠠ ᠰᠢᠪᠲᠤᠯᠬᠤ》 ᠠᠵᠢᠯᠯᠠᠭ᠎ᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠭᠦᠨᠵᠡᠭᠡᠶ ᠠᠬᠢᠭᠤᠯᠬᠤ᠂ ᠮᠥᠩᠭᠦᠨ ᠭᠦᠢ᠍ᠯᠭᠡᠭᠡᠨ᠎ᠤ ᠠᠵᠢᠯ ᠲᠥᠷᠥᠯ᠎ᠤᠨ ᠡᠯ᠎ᠡ ᠲᠥᠷᠥᠯ᠎ᠤᠨ ᠬᠦᠴᠦᠷᠬᠡᠭᠯᠡᠯ ᠰᠦᠷᠳᠡᠭᠦᠯᠦᠯ᠎ᠤᠨ ᠬᠡᠷᠡᠭ ᠪᠠ ᠭᠡᠨᠡᠳᠲᠡ ᠵᠢᠨ ᠬᠡᠷᠡᠭ᠎ᠢ ᠠᠷᠭ᠋ᠠᠴᠠᠬᠤ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠰᠢᠯᠢ ᠵᠢᠨ ᠭᠣᠤᠯ ᠠᠢ᠌ᠮᠠᠭ᠎ᠤᠨ ᠲᠤᠯᠤᠨ ᠨᠠᠭᠤᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠸᠧᠶ ᠰᠢᠨ ᠬᠠᠷᠠᠵᠤ ᠲᠡᠭᠡᠭᠡᠪᠦᠷᠢᠯᠡᠬᠦ ᠺᠣᠮᠫᠠᠨᠢ᠎ᠲᠠᠢ ᠬᠠᠮᠲᠤᠷᠠᠨ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ ᠵᠢᠨ ᠡᠵᠡᠩᠨᠡᠯᠲᠡ ᠵᠢᠨ ᠭᠠᠵᠠᠷ᠎ᠲᠤ ᠰᠦᠷᠳᠡᠭᠦᠯᠦᠯ᠎ᠢ ᠰᠡᠷᠭᠡᠶ᠋ᠢᠯᠡᠨ ᠬᠦᠴᠦᠷᠬᠡᠭᠯᠡᠯ᠎ᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠰᠣᠷᠢᠯᠲᠠ ᠬᠢᠪᠡ᠃
ᠰᠣᠷᠢᠯᠲᠠ ᠵᠢᠨ ᠳᠠᠭᠤᠷᠢᠶᠠᠮᠠᠯ ᠪᠠᠶ᠋ᠢᠳᠠᠯ ᠭᠡᠪᠡᠯ᠂ ᠵᠣᠭᠤᠰ ᠬᠠᠷᠠᠵᠤ ᠲᠡᠭᠡᠭᠡᠪᠦᠷᠢᠯᠡᠬᠦ ᠺᠣᠮᠫᠠᠨᠢ ᠵᠢᠨ ᠵᠣᠭᠤᠰ ᠵᠥᠭᠡᠭᠡᠬᠦ ᠲᠡᠷᠭᠡ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ ᠵᠢᠨ ᠡᠵᠡᠩᠨᠡᠯᠲᠡ ᠵᠢᠨ ᠭᠠᠵᠠᠷ᠎ᠤᠨ ᠡᠭᠦᠳᠡᠨ᠎ᠳᠤ ᠬᠦᠷᠭᠡᠭᠰᠡᠨ᠎ᠳᠤ᠂ ᠵᠣᠭᠤᠰ ᠬᠠᠷᠠᠵᠤ ᠵᠥᠭᠡᠭᠡᠪᠦᠷᠢᠯᠡᠭᠴᠢ ᠡᠷᠭᠢᠨ ᠲᠣᠭᠤᠷᠢᠨ᠎ᠤ ᠪᠠᠶ᠋ᠢᠳᠠᠯ᠎ᠤᠨ ᠠᠮᠤᠷ ᠲᠦᠪᠰᠢᠨ᠎ᠢ ᠨᠤᠲᠠᠯᠠᠭᠰᠠᠨ᠎ᠤ ᠳᠠᠷᠠᠭ᠎ᠠ᠂ ᠵᠣᠭᠤᠰ ᠭᠠᠷᠭ᠋ᠠᠵᠤ ᠠᠪᠤᠭᠴᠢ ᠵᠢᠨ ᠵᠣᠭᠤᠰ ᠭᠠᠷᠭ᠋ᠠᠵᠤ ᠠᠪᠬᠤ ᠬᠠᠶ᠋ᠢᠷᠴᠠᠭ ᠵᠶ᠋ᠠᠨ ᠲᠡᠷᠭᠡ᠎ᠠᠴᠠ ᠪᠠᠭᠤᠯᠭ᠋ᠠᠬᠤ ᠦᠶ᠎ᠡ᠎ᠳᠤ᠂ ᠨᠢᠭᠡᠨ 《ᠳᠡᠭᠡᠷᠡᠮ》 ᠭᠡᠨᠡᠳᠲᠡ ᠳᠠᠯᠳᠠᠭᠤᠷ ᠳᠠᠭ᠋ᠠᠷᠢᠨ ᠭᠠᠷᠴᠤ ᠢᠷᠡᠭᠡᠳ ᠬᠢᠲᠤᠭ᠎ᠠ ᠵᠡᠪᠰᠡᠭ ᠪᠠᠷᠢᠵᠤ ᠵᠣᠭᠤᠰ ᠭᠠᠷᠭ᠋ᠠᠵᠤ ᠠᠪᠤᠭᠴᠢ ᠵᠢᠨ ᠭᠠᠷ᠎ᠲᠠᠬᠢ ᠵᠣᠭᠤᠰ᠎ᠤᠨ ᠬᠠᠶ᠋ᠢᠷᠴᠠᠭ᠎ᠢ ᠪᠤᠯᠢᠶᠠᠨ ᠳᠡᠭᠡᠷᠡᠮᠳᠡᠬᠦ ᠭᠡᠰᠡᠨ᠎ᠳᠤ᠂ ᠵᠣᠭᠤᠰ ᠵᠥᠭᠡᠭᠡᠬᠦ ᠲᠡᠷᠭᠡᠨ᠎ᠤ ᠵᠢᠯᠣᠭᠤᠴᠢ ᠲᠡᠷᠡ ᠳᠠᠷᠤᠶᠳᠤᠨᠢ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠡᠬᠢᠯᠡᠨ ᠬᠡᠷᠡᠭᠵᠢᠭᠦᠯᠦᠭᠰᠡᠨ ᠪᠥᠭᠡᠳ ᠴᠠᠭᠳᠠᠭ᠎ᠠ᠎ᠳᠤ ᠮᠡᠳᠡᠭᠦᠯᠵᠡᠶ᠃ ᠲᠥᠭᠰᠢᠭᠦᠷᠢ ᠮᠡᠳᠡᠭᠦᠯᠦᠯᠳᠡ ᠵᠢ ᠣᠯᠤᠭᠰᠠᠨ᠎ᠤ ᠲᠠᠷᠠᠭ᠎ᠠ᠂ ᠮᠠᠨ᠎ᠤ ᠲᠣᠪᠴᠢᠶ᠎ᠠ ᠦᠳᠲᠡᠷ ᠲᠦᠷᠭᠡᠨ ᠵᠶ᠋ᠠᠷ ᠴᠠᠭᠳᠠᠭ᠋ᠠᠨ᠎ᠤ ᠬᠦᠴᠦᠨ᠎ᠢ ᠵᠣᠬᠢᠶᠠᠨ ᠪᠠᠶ᠋ᠢᠭᠤᠯᠵᠤ ᠲᠤᠬᠠᠶ ᠵᠢᠨ ᠲᠠᠯᠠᠪᠤᠷ᠎ᠲᠤ ᠣᠴᠢᠭᠤᠯᠤᠨ ᠲᠡᠭᠡᠭᠡᠪᠦᠷᠢ ᠵᠢ ᠬᠠᠷᠠᠵᠤ ᠶᠠᠪᠤᠬᠤ ᠬᠥᠮᠦᠰ᠎ᠲᠠᠢ ᠬᠠᠮᠵᠢᠯᠴᠠᠵᠤ᠂ ᠳᠡᠯᠪᠡᠷᠡᠯᠲᠡ ᠵᠢ ᠰᠡᠷᠭᠡᠶ᠋ᠢᠯᠡᠬᠦ ᠪᠠᠮᠪᠠᠢ᠂ ᠪᠠᠷᠢᠪᠴᠢᠯᠠᠬᠤ ᠪᠠᠭ᠋ᠠᠵᠢ᠂ ᠵᠡᠪᠰᠡᠭ ᠵᠡᠷᠭᠡ ᠴᠠᠭᠳᠠᠭ᠋ᠠᠨ᠎ᠤ ᠵᠡᠪᠰᠡᠭ ᠲᠣᠨᠣᠭᠯᠠᠯ᠎ᠢ ᠠᠰᠢᠭᠯᠠᠨ 《ᠳᠡᠭᠡᠷᠡᠮ》᠎ᠢ ᠠᠮᠵᠢᠯᠲᠠ᠎ᠲᠠᠢ᠎ᠪᠠᠷ ᠨᠣᠮᠣᠬᠠᠳᠬᠠᠪᠠ᠃
ᠲᠣᠰ ᠤᠳᠠᠭ᠋ᠠᠨ᠎ᠤ ᠰᠣᠷᠢᠯᠲᠠ᠎ᠳᠤ ᠪᠠᠩᠬᠢ ᠵᠢᠨ ᠮᠥᠩᠭᠦᠨ ᠭᠦᠢ᠍ᠯᠭᠡᠭᠡᠨ᠎ᠤ ᠦᠢ᠍ᠯᠡᠰ᠎ᠤᠨ ᠠᠮᠤᠷ᠎ᠢ ᠬᠠᠮᠠᠭ᠋ᠠᠯᠠᠬᠤ ᠠᠵᠢᠯᠲᠠᠨ᠎ᠤ ᠭᠡᠨᠡᠳᠲᠡ ᠵᠢᠨ ᠬᠡᠷᠡᠭ᠎ᠢ ᠠᠷᠭ᠋ᠠᠴᠠᠬᠤ᠎ᠳᠤ ᠬᠠᠮᠵᠢᠯᠴᠠᠨ ᠪᠠᠶ᠋ᠢᠯᠳᠤᠬᠤ᠂ ᠲᠦᠷᠭᠡᠨ ᠰᠢᠢ᠍ᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠱ᠌ᠢᠭᠰᠡᠨ ᠦᠷ᠎ᠡ ᠪᠦᠲᠦᠮᠵᠢ ᠵᠢ ᠣᠯᠤᠭᠰᠠᠨ ᠪᠠᠢ᠌ᠪᠠ᠃