ᠣᠶ᠋ᠢᠷ᠎ᠠ᠎ᠳᠤ᠂ ᠲᠦᠩᠯᠢᠶᠣᠤ ᠬᠣᠲᠠ ᠵᠢᠨ ᠬᠣᠷᠴᠢᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠠᠩᠬᠠᠳᠤᠭ᠋ᠠᠷ ᠬᠤᠭᠤᠴᠠᠭ᠋ᠠᠨ᠎ᠤ ᠴᠠᠭᠳᠠᠭ᠋ᠠᠨ᠎ᠤ ᠶᠠᠪᠤᠳᠠᠯ᠎ᠤᠨ ᠮᠡᠷᠭᠡᠵᠢᠯ ᠴᠢᠳᠠᠪᠤᠷᠢ ᠵᠢᠨ ᠮᠥᠷᠥᠶ᠋ᠢᠴᠡᠭᠡᠨ ᠵᠢᠴᠢ ᠴᠠᠭᠳᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ᠎ᠢ ᠲᠦᠩᠯᠢᠶᠣᠤ ᠬᠣᠲᠠ᠎ᠳᠤ ᠶᠠᠪᠤᠭᠳᠠᠭᠤᠯᠪᠠ᠃ ᠬᠤᠪᠢᠶᠠᠷᠢ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠬᠡᠰᠢᠭᠦᠨ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠲᠥᠯᠥᠭᠡᠯᠡᠭᠴᠢ᠂ ᠴᠠᠭᠳᠠᠭ᠎ᠠ ᠵᠢᠨ ᠬᠡᠷ ᠪᠦᠯᠢ ᠵᠢᠨ ᠲᠥᠯᠥᠭᠡᠯᠡᠭᠴᠢ ᠵᠢᠴᠢ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠲᠦᠩᠯᠢᠶᠣᠤ ᠬᠣᠲᠠ ᠵᠢᠨ ᠲᠤᠷᠰᠢᠯᠲᠠ ᠵᠢᠨ ᠳᠤᠮᠳᠠᠳᠤ ᠰᠤᠷᠭ᠋ᠠᠭᠤᠯᠢ ᠵᠢᠨ ᠪᠠᠭᠰᠢ ᠰᠣᠷᠣᠭᠴᠢ ᠵᠢᠨ ᠲᠥᠯᠥᠭᠡᠯᠡᠭᠴᠢ ᠨᠡᠶ᠋ᠢᠲᠡ 4000 ᠭᠠᠷᠤᠶ ᠬᠥᠮᠦᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠠᠶ᠃ ᠲᠣᠰ ᠤᠳᠠᠭ᠋ᠠᠨ᠎ᠤ ᠴᠠᠭᠳᠠᠭ᠋ᠠᠨ᠎ᠤ ᠶᠠᠪᠤᠳᠠᠯ᠎ᠤᠨ ᠮᠡᠷᠭᠡᠵᠢᠯ ᠴᠢᠳᠠᠪᠤᠷᠢ ᠵᠢᠨ ᠮᠥᠷᠥᠶ᠋ᠢᠴᠡᠭᠡᠨ ᠵᠢᠴᠢ ᠴᠠᠭᠳᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠯᠠᠨ ᠨᠡᠶ᠋ᠢᠲᠡ ᠵᠢᠨ ᠬᠢᠴᠢᠶᠡᠯ ᠲᠥᠷᠥᠯ᠎ᠤᠨ ᠮᠥᠷᠥᠶ᠋ᠢᠴᠡᠭᠡᠨ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠲᠣᠮᠢᠯᠠᠭᠰᠠᠨ ᠰᠠᠯᠪᠤᠷᠢ ᠵᠢᠨ ᠴᠠᠭᠳᠠᠭᠤᠯ᠎ᠤᠨ ᠪᠠᠶ᠋ᠢᠳᠠᠯ᠎ᠢ ᠰᠢᠢ᠍ᠳᠪᠦᠷᠢᠯᠡᠬᠦ ᠮᠥᠷᠥᠶ᠋ᠢᠴᠡᠭᠡᠨ᠂ ᠴᠠᠭᠳᠠᠭ᠋ᠠᠨ᠎ᠤ ᠲᠥᠷᠥᠯ᠎ᠤᠨ ᠲᠤᠬᠠᠶ᠋ᠢᠯᠠᠭᠰᠠᠨ ᠠᠵᠢᠯ᠎ᠤᠨ ᠮᠥᠷᠥᠶ᠋ᠢᠴᠡᠭᠡᠨ᠂ ᠣᠷᠭᠤᠳᠠᠭᠤᠯ ᠬᠡᠷᠡᠭᠲᠡᠨ᠎ᠢ ᠨᠡᠬᠡᠮᠵᠢᠯᠡᠨ ᠪᠠᠷᠢᠪᠴᠢᠯᠠᠬᠤ ᠬᠡᠷᠡᠭ ᠢᠯᠡᠷᠡᠭᠦᠯᠬᠦ ᠮᠥᠷᠥᠶ᠋ᠢᠴᠡᠭᠡᠨ ᠵᠡᠷᠭᠡ ᠲᠠᠪᠤᠨ ᠤᠷᠤᠯᠳᠤᠭ᠋ᠠᠨ᠎ᠤ ᠵᠦᠢ᠍ᠯ᠎ᠢ ᠪᠠᠭᠲᠠᠭ᠋ᠠᠵᠤ᠂ ᠰᠢᠯᠭ᠋ᠠᠯᠲᠠ᠎ᠪᠠᠷ ᠰᠤᠷᠤᠯᠴᠠᠯᠭ᠎ᠠ ᠵᠢ ᠠᠬᠢᠭᠤᠯᠬᠤ᠂ ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠬᠤ᠎ᠪᠠᠷ ᠳᠠᠮᠵᠢᠭᠤᠯᠤᠨ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠬᠡᠪ ᠴᠢᠨᠠᠷ᠂ ᠴᠢᠳᠠᠪᠤᠷᠢ ᠪᠠ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ᠎ᠢ ᠪᠥᠬᠥ ᠬᠦᠴᠦᠨ ᠵᠶ᠋ᠠᠷ ᠵᠶ᠋ᠠᠨ ᠳᠡᠭᠡᠭᠰᠢᠯᠡᠭᠦᠯᠪᠡ᠃



