ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠯᠪᠠᠰᠤᠷᠠᠯ
ᠳ᠋ᠦᠩ ᠾᠧ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠤᠪᠴᠢᠶ᠎ᠠ 《ᠤᠯᠠᠭ᠋ᠠᠨ ᠬᠦᠭᠡ ᠵᠢᠨ ᠡᠰᠡᠷᠭᠦᠴᠡᠯᠳᠦᠯ》᠎ᠤᠨ ᠰᠣᠷᠢᠯᠲᠠ ᠬᠢᠪᠡ
ᠨᠡᠶ᠋ᠢᠲᠡᠯᠡᠭᠰᠡᠨ ᠴᠠᠭ᠄ 2024-01-31

    《ᠸᠠᠶ! ᠰᠢᠨ ᠰᠢᠩ ᠶᠡᠭᠡ ᠵᠡᠭᠡᠯᠢ ᠵᠢᠨ ᠲᠣᠮᠢᠯᠠᠭᠰᠠᠨ ᠰᠠᠯᠪᠤᠷᠢ ᠡ᠂ ᠲᠠᠨ᠎ᠤ ᠬᠠᠷᠢᠶ᠎ᠠ ᠣᠷᠣᠨ᠎ᠤ ᠨᠢᠭᠡᠨ ᠲᠡᠷᠭᠡ ᠤᠬᠢᠶᠠᠬᠤ ᠭᠠᠵᠠᠷ᠎ᠲᠤ ᠵᠠᠭᠤᠷᠠᠯᠳᠤᠭ᠋ᠠᠨ ᠭᠠᠷᠴᠠᠶ᠂ ᠲᠦᠷᠭᠡᠨ ᠰᠢᠢ᠍ᠳᠪᠦᠷᠢᠯᠡᠭᠳᠦᠨ》 ᠭᠡᠰᠡᠨ ᠴᠠᠭᠳᠠᠭ᠎ᠠ ᠲᠤᠮᠢᠯᠠᠬᠤ ᠵᠠᠷᠯᠢᠭ ᠪᠠᠭᠤᠯᠭ᠋ᠠᠬᠤ ᠵᠢ ᠳᠠᠭ᠋ᠠᠯᠳᠤᠨ᠂ ᠪᠤᠭᠤᠲᠤ ᠬᠤᠲᠠ ᠵᠢᠨ ᠳ᠋ᠦᠩ ᠾᠧ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠴᠠᠭᠳᠠᠭᠤᠯ᠎ᠤᠨ ᠪᠠᠶ᠋ᠢᠳᠠᠯ᠎ᠤᠨ ᠳᠠᠭᠤᠷᠢᠶᠠᠮᠠᠯ 《ᠤᠯᠠᠭ᠋ᠠᠨ ᠬᠥᠬᠡ ᠵᠢᠨ ᠡᠰᠡᠷᠭᠦᠴᠡᠯᠳᠦᠯ》᠎ᠤᠨ ᠰᠣᠷᠢᠯᠲᠠ ᠬᠥᠰᠢᠭᠡ᠎ᠪᠠᠨ ᠰᠡᠬᠦᠪᠡ᠃

9b1237e880cc5aa009d8d3f41d25e139.JPG  


    ᠲᠤᠰ ᠤᠳᠠᠭ᠎ᠠ ᠵᠢᠨ 《ᠤᠯᠠᠭ᠋ᠠᠨ ᠬᠦᠭᠡ ᠵᠢᠨ ᠡᠰᠡᠷᠭᠦᠴᠡᠯᠳᠦᠯ》᠎ᠤᠨ ᠰᠣᠷᠢᠯᠲᠠ᠎ᠨᠢ ᠡᠳᠦᠷ ᠲᠤᠳᠤᠮ᠎ᠤᠨ ᠦᠢ᠍ᠯᠡᠴᠢᠯᠡᠭᠡᠨ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠪᠣᠳᠠᠲᠤ ᠳᠠᠶ᠋ᠢᠯᠠᠯᠳᠤᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠡᠢ᠃ ᠬᠢᠨᠠᠨ ᠰᠢᠯᠭ᠋ᠠᠬᠤ᠎ᠠᠴᠠ ᠡᠮᠦᠨ᠎ᠡ᠂ 《ᠬᠥᠬᠡ ᠴᠡᠷᠢᠭ》᠎ᠤᠨ ᠳᠤᠭᠤᠶ᠋ᠢᠯᠠᠩ᠎ᠤᠨ᠎ᠬᠢᠨ 《ᠤᠷᠢᠳᠴᠢᠯᠠᠨ ᠮᠡᠳᠡᠭᠳᠡᠬᠦ ᠥᠬᠡᠶ᠂ ᠤᠷᠢᠳᠴᠢᠯᠠᠨ ᠰᠡᠷᠡᠮᠵᠢᠯᠡᠭᠦᠯᠬᠦ ᠥᠬᠡᠶ᠂ ᠦᠨᠡᠨ ᠪᠣᠳᠠᠲᠠᠶ ᠴᠠᠭᠳᠠᠭᠤᠯ᠎ᠤᠨ ᠪᠠᠶ᠋ᠢᠳᠠᠯ ᠪᠠ ᠬᠠᠤᠯᠢ ᠬᠡᠷᠡᠭᠵᠢᠭᠦᠯᠬᠦ ᠣᠷᠴᠢᠨ ᠨᠥᠬᠦᠴᠡᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠰᠡᠷᠭᠦᠭᠡᠵᠦ᠂ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ ᠵᠢᠨ ᠴᠠᠭᠳᠠᠭᠤᠯ᠎ᠤᠨ ᠪᠠᠶ᠋ᠢᠳᠠᠯ᠎ᠢ ᠰᠢᠢ᠍ᠳᠪᠦᠷᠢᠯᠡᠬᠦ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠰᠢᠯᠭ᠋ᠠᠨ ᠪᠠᠶ᠋ᠢᠴᠠᠭ᠋ᠠᠵᠤ᠂ ᠲᠣᠰ ᠤᠳᠠᠭ᠋ᠠᠨ᠎ᠤ ᠪᠣᠳᠠᠲᠤ ᠪᠠᠶ᠋ᠢᠯᠳᠤᠭ᠋ᠠᠨ᠎ᠤ ᠰᠣᠷᠢᠯᠲᠠ ᠵᠢᠨ ᠠᠵᠢᠯᠯᠠᠭ᠎ᠠ ᠵᠢᠨ ᠦᠨᠡᠨ ᠪᠣᠳᠠᠲᠤ ᠴᠢᠨᠠᠷ᠂ ᠪᠠᠴᠢᠮ ᠴᠢᠨᠠᠷ᠂ ᠡᠰᠡᠷᠭᠦᠴᠡᠯᠳᠦᠬᠦ ᠴᠢᠨᠠᠷ᠎ᠢ ᠦᠨᠡᠨ ᠬᠦ᠌ ᠪᠠᠳᠤᠯᠠᠪᠠ᠃ ᠪᠣᠳᠠᠲᠤ ᠴᠡᠷᠢᠭ᠂ ᠪᠣᠳᠠᠲᠤ ᠪᠠᠶ᠋ᠢᠳᠠᠯ᠂ ᠪᠣᠳᠠᠲᠤ ᠦᠵᠡᠮᠵᠢ᠎ᠪᠠᠷ

《ᠤᠯᠠᠭ᠋ᠠᠨ ᠴᠡᠷᠢᠭ》᠎ᠤᠨ ᠴᠠᠭ᠋ᠠᠷᠠᠭᠰᠠᠨ ᠴᠢᠳᠠᠪᠤᠷᠢ ᠵᠢ ᠳᠠᠪᠲᠠᠨ ᠪᠣᠯᠪᠠᠰᠤᠷᠠᠭᠤᠯᠪᠠ᠃

744ba3f0e14f57a438aa37aa2196eccf.JPG  


    《ᠤᠯᠠᠭ᠋ᠠᠨ ᠬᠥᠬᠡ ᠵᠢᠨ ᠡᠰᠡᠷᠭᠦᠴᠡᠯᠳᠦᠯ》 ᠵᠶ᠋ᠠᠷ ᠳᠠᠮᠵᠢᠭᠤᠯᠤᠨ᠂ 《ᠤᠯᠠᠭ᠋ᠠᠨ ᠴᠡᠷᠢᠭ》 ᠪᠠᠶ᠋ᠢᠯᠳᠤᠬᠤ ᠲᠤᠲᠤᠮ ᠡᠷᠡᠯᠬᠡᠭ ᠪᠣᠯᠵᠤ᠂ ᠴᠠᠭᠳᠠᠭ᠎ᠠ ᠭᠠᠷᠭ᠋ᠠᠬᠤ ᠳᠤᠭᠤᠶ᠋ᠢᠯᠠᠩ᠎ᠤᠨ᠎ᠬᠢᠨ ᠳᠠᠷᠤᠶ ᠲᠦᠷᠭᠡᠨ ᠲᠤᠬᠠᠶ ᠵᠢᠨ ᠲᠠᠯᠠᠪᠤᠷ᠎ᠲᠤ ᠬᠦᠷᠴᠦ ᠤᠷᠢᠳ ᠵᠶ᠋ᠠᠷ ᠰᠢᠢ᠍ᠳᠪᠦᠷᠢᠯᠡᠵᠦ᠂ ᠪᠠᠶ᠋ᠢᠯᠳᠤᠭ᠋ᠠᠨ᠎ᠤ ᠬᠠᠮᠤᠭ᠎ᠤᠨ ᠪᠠᠭ᠎ᠠ ᠨᠢᠭᠡᠴᠢ ᠵᠢ ᠪᠦᠷᠢᠯᠳᠦᠭᠦᠯᠪᠡ᠃ ᠲᠤᠬᠠᠢ ᠵᠢᠨ ᠲᠠᠯᠠᠪᠠᠢ ᠵᠢᠨ ᠵᠢᠯᠤᠭᠤᠳᠤᠭᠴᠢ ᠵᠢᠨ ᠵᠢᠯᠤᠭᠤᠳᠤᠯᠭ᠎ᠠ ᠳᠣᠣᠷ᠎ᠠ᠂ ᠳᠠᠷᠠᠭ᠋ᠠᠴᠢ ᠵᠢᠨ ᠲᠤᠬᠠᠢ ᠵᠢᠨ ᠲᠠᠯᠠᠪᠠᠢ᠎ᠳᠤ ᠢᠷᠡᠭᠰᠡᠨ ᠲᠤᠰᠠᠯᠠᠬᠤ ᠴᠠᠭᠳᠠᠭ᠎ᠠ ᠵᠢᠨ ᠬᠦᠴᠦᠨ᠎ᠲᠠᠢ ᠠᠵᠢᠯ ᠵᠶ᠋ᠠᠨ ᠲᠣᠳᠣᠷᠬᠠᠢ ᠬᠣᠪᠢᠶᠠᠷᠢᠯᠠᠨ ᠨᠡᠶ᠋ᠢᠯᠡᠭᠦᠯᠦᠨ ᠪᠠᠶ᠋ᠢᠯᠳᠤᠵᠤ᠂ ᠡᠮᠬᠢ ᠵᠢᠷᠤᠮ᠎ᠲᠠᠢ ᠰᠢᠢ᠍ᠳᠪᠦᠷᠢᠯᠡᠨ᠂ ᠪᠠᠶ᠋ᠢᠯᠳᠤᠬᠤ ᠠᠷᠭ᠎ᠠ ᠵᠢ ᠵᠣᠬᠢᠰᠲᠠᠢ ᠬᠡᠷᠡᠭᠯᠡᠨ 《ᠰᠡᠵᠢᠭᠳᠡᠨ》᠎ᠢ ᠨᠣᠮᠣᠬᠠᠳᠬᠠᠵᠤ᠂ ᠲᠤᠬᠠᠢ ᠵᠢᠨ ᠲᠠᠯᠠᠪᠠᠢ ᠵᠢᠨ ᠪᠠᠶ᠋ᠢᠳᠠᠯ᠎ᠢ ᠡᠵᠡᠮᠳᠡᠨ᠂ ᠲᠤᠬᠠᠢ ᠵᠢᠨ ᠲᠠᠯᠠᠪᠠᠢ ᠵᠢᠨ ᠬᠠᠶ᠋ᠢᠨ ᠪᠠᠶ᠋ᠢᠴᠠᠭ᠋ᠠᠯᠲᠠ᠂ ᠤᠯᠠᠨ ᠲᠦᠮᠡᠨ᠎ᠢ ᠵᠢᠭ᠋ᠠᠨ ᠵᠢᠯᠣᠭᠤᠳᠬᠤ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠦᠳᠦᠯᠦᠨ ᠵᠢᠯᠣᠭᠤᠳᠬᠤ ᠵᠡᠷᠭᠡ ᠤᠯᠠᠨ ᠵᠦᠢ᠍ᠯ᠎ᠤᠨ ᠠᠵᠢᠯ᠎ᠢ ᠵᠡᠷᠭᠡᠪᠡᠷ ᠶᠠᠪᠤᠭᠳᠠᠭᠤᠯᠵᠤ᠂ ᠰᠣᠷᠢᠯᠲᠠ ᠵᠢᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃

 

  

ᠢᠷᠡᠯᠲᠡ᠄ ᠪᠤᠭᠤᠲᠣ ᠬᠣᠲᠠ ᠵᠢᠨ ᠲᠣᠳᠤᠭ᠋ᠠᠲᠤ ᠵᠢ ᠬᠠᠮᠠᠭ᠋ᠠᠯᠠᠬᠤ ᠲᠣᠪᠴᠢᠶ᠎ᠠ